ᠳᠠᠷᠬᠠᠨ ᠮᠤᠤᠮᠢᠩᠭᠠᠨ ᠬᠤᠰᠢᠭᠤ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/14
      ᠪᠦᠬᠦ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠪᠥᠬᠦ ᠬᠤᠰᠢᠭᠤᠨ ᠤ ᠬᠤᠲᠠ ᠶᠢᠨ ᠪᠣᠯᠪᠠᠰᠤᠨ ᠳᠦᠷᠢ ᠲᠥᠷᠬᠦ ᠶᠢ ᠳᠡᠭᠡᠭᠰᠢᠯᠡᠭᠦᠯᠵᠦ᠂ 7 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠰᠢᠭᠤᠨ ᠤ ᠬᠤᠲᠠ ᠪᠠᠶᠢᠭᠤᠯᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠳᠠᠷᠬᠠᠨ ᠮᠤᠤᠮᠢᠩᠭᠠᠨ ᠬᠤᠰᠢᠭᠤᠨ ᠤ ᠬᠤᠲᠠ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 3 ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ᠂ 12 ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ᠂ ᠬᠤᠲᠠ ᠪᠠᠶᠢᠭᠤᠯᠬᠤ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᠶᠠᠨ ᠯᠠᠶ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠬᠤᠷᠠᠯ ᠳᠤ ᠣᠷᠣᠯᠴᠠᠵᠠᠶ᠃
14153406h2rn.png
      ᠬᠤᠷᠠᠯ ᠳᠡᠭᠡᠷ᠎ᠡ᠂ ᠪᠤᠭᠤᠲᠤ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠢ ᠱᠠᠲᠤᠨ ᠤ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯᠯᠠᠭ᠎ᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠣᠳᠣᠬᠢ ᠱᠠᠲᠤᠨ ᠤ ᠮᠠᠨ ᠤ ᠬᠤᠰᠢᠭᠤᠨ ᠤ ᠡᠯ᠎ᠡ ᠪᠣᠯᠪᠠᠰᠤᠨ ᠢ ᠡᠭᠦᠳᠦᠨ ᠪᠠᠶᠢᠭᠤᠯᠬᠤ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃      ᠬᠤᠷᠠᠯ ᠠᠴᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡ ᠵᠦᠢᠯ ᠤᠨ ᠶᠡᠷᠦᠩᠬᠡᠶᠢᠯᠡᠭᠰᠡᠨ ᠠᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠬᠠᠷᠢᠯᠴᠠᠨ ᠬᠠᠮᠵᠢᠯᠴᠠᠬᠤ ᠶᠢ ᠱᠠᠭᠠᠷᠳᠠᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠪᠣᠯᠪᠠᠰᠤᠨ ᠬᠤᠳᠠ ᠶᠢ ᠰᠢᠯᠭᠠᠨ ᠦᠨᠡᠯᠡᠬᠦ  ᠰᠢᠰᠲ᠋ᠧᠮ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠵᠦᠢᠯ ᠵᠤᠷᠪᠤᠰ ᠪᠣᠯᠤᠨ ᠭᠠᠷ ᠳᠡᠪᠲᠡᠷ ᠤᠨ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠪᠣᠳᠠᠲᠠᠢ ᠳᠤ ᠰᠠᠭᠤᠷᠢᠯᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠬᠡᠷᠡᠭᠲᠡᠢ︔ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ᠬᠤᠲᠠ ᠪᠠᠶᠢᠭᠤᠯᠬᠤ ᠶᠢ ᠳᠥᠯᠭᠢᠨ ᠠᠬᠢᠭᠤᠯᠬᠤ ᠠᠵᠢᠯ ᠢ ᠥᠷᠨᠢᠭᠦᠯᠦᠨ᠎ᠡ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠨᠡᠯᠢᠶᠡᠳ ᠤᠳᠠᠭᠠᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ︽ᠳᠥᠷᠪᠡ ᠶᠢ ᠡᠷᠬᠢᠮᠯᠡᠵᠦ ᠭᠤᠷᠪᠠ ᠶᠢ ᠡᠷᠬᠢᠮᠯᠡᠬᠦ ᠦᠭᠡᠶ︾ ᠪᠠᠶᠢᠬᠤ ᠬᠡᠷᠡᠭᠲᠡᠶ᠂ ᠳᠠᠷᠤᠶ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ ᠶᠢ ᠪᠠᠷᠢᠮᠲᠠᠯᠠᠵᠤ᠂ ᠪᠠᠶᠢᠩᠭᠤ ᠶᠢᠨ ᠬᠠᠮᠢᠶᠠᠷᠤᠯᠲᠠ ᠶᠢ ᠪᠠᠷᠢᠮᠲᠠᠯᠠᠵᠤ᠂ ᠪᠥᠬᠦ ᠠᠵᠢᠯᠲᠠᠨ ᠢ ᠳᠠᠶᠢᠴᠢᠯᠠᠨ ᠣᠷᠣᠯᠴᠠᠭᠤᠯᠵᠤ᠂ ᠲᠡᠶᠢᠨ ᠠᠴᠠ ᠬᠠᠯᠠᠰᠢᠷᠠᠬᠤ ᠪᠣᠳᠣᠯ ᠪᠠᠶᠢᠵᠤ ᠪᠣᠯᠬᠤ ᠥᠬᠡᠶ᠂ ᠭᠤᠷᠢᠳᠠᠬᠤ ᠪᠣᠳᠣᠯ ᠪᠠᠶᠢᠵᠤ ᠪᠣᠯᠬᠤ ᠥᠬᠡᠶ᠂ ᠬᠤᠳᠠᠯ ᠬᠠᠭᠤᠷᠮᠠᠭ ᠢᠶᠠᠷ ᠵᠣᠬᠢᠶᠠᠵᠤ ᠪᠣᠯᠬᠤ ᠥᠬᠡᠶ ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠠᠷᠠᠳ ᠲᠦᠮᠡᠨ ᠳᠤ ᠪᠣᠯᠪᠠᠰᠤᠨ ᠡᠶ᠎ᠡ ᠵᠣᠬᠢᠴᠠᠯ ᠲᠠᠢ ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠶ ᠶᠢ ᠤᠭᠲᠤᠬᠤ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号