ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠰᠠᠭ ᠤᠨ ᠤᠷᠳᠤᠨ2022 ᠤᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/15
      7 ᠰᠠᠷ᠎ᠠ ᠶᠢᠨ13 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠰᠢᠭᠤ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠲᠡᠳ᠋ ᠲᠠᠷᠤᠭ᠎ᠠ ᠬᠤᠸᠠᠩ ᠯᠥᠩ ᠬᠤᠰᠢᠭᠤᠨ ᠤ ᠵᠠᠰᠠᠭ ᠤᠨ ᠤᠷᠳᠤᠨ ᠤ2022 ᠤᠨ ᠤ ᠨᠠᠢᠮᠠᠳᠤᠭᠠᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠤ᠂ ᠰᠢ ᠶᠢᠨ ᠫᠢᠩ ᠶᠡᠷᠦᠩᠭᠡᠢ ᠱᠦᠵᠢ ᠶᠢᠨ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠬᠤᠷᠢᠨ ᠵᠢᠷᠭᠤᠳᠤᠭᠠᠷ ᠤᠳᠠᠭᠠᠨ ᠤ ᠬᠤᠷᠠᠯ ᠲᠡᠭᠡᠷᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ ᠲᠠᠷᠢᠬᠤ ᠲᠤᠮᠤ ᠡᠷᠦᠬᠡ ᠰᠢᠦᠢ ᠮᠧᠩ ᠰᠢᠶᠠᠩ ᠳᠤ ᠪᠢᠴᠢᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠲᠤᠰᠬᠠᠢ ᠰᠡᠳᠦᠪ ᠢᠶᠠᠷ ᠰᠤᠷᠤᠯᠴᠠᠵᠦ᠂ ᠪᠦᠬᠦ ᠪᠦᠮᠪᠦᠷᠴᠡᠭ ᠤᠨ ᠬᠦᠭᠵᠢᠯᠳᠡ ᠶᠢᠨ ᠲᠡᠭᠡᠳᠦ ᠲᠡᠰ ᠤᠨ ᠶᠠᠷᠢᠯᠴᠠᠭᠠᠨ  ᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠠᠪᠤᠳᠤᠭᠠᠷ ᠬᠤᠭᠤᠴᠠᠭᠠᠨ ᠤ ᠰᠠᠨᠲ ᠫᠧᠲ᠋ᠧᠷᠪᠦ᠋ᠷᠢᠩ ᠤᠨ ᠤᠯᠠᠨ ᠤᠯᠤᠰ ᠤᠨ ᠠᠵᠦ ᠠᠬᠤᠢ ᠶᠢᠨ ᠶᠠᠷᠢᠶᠠᠨ ᠤ ᠲᠠᠪᠴᠠᠩ ᠤᠨ ᠬᠤᠷᠠᠯ ᠲᠡᠭᠡᠷᠡᠬᠢ ᠶᠠᠷᠢᠶᠠᠨ  ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠪᠠ ᠵᠠᠬᠢᠳᠠᠯ ᠰᠤᠷᠪᠤᠯᠵᠢᠯᠠᠯ᠂ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ᠂ ᠠᠵᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠵᠡᠷᠭᠡ ᠠᠵᠢᠯ ᠢ ᠰᠤᠳᠤᠯᠤᠨ ᠲᠤᠬᠢᠷᠠᠭᠤᠯᠪᠠ᠃
微信图片_20220718090654.jpg    
      ᠬᠤᠷᠠᠯ ᠠᠴᠠ᠂ ᠰᠢ ᠶᠢᠨ ᠫᠢᠩ  ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭᠠᠨ ᠤ ᠭᠤᠤᠯ ᠠᠭᠤᠯᠭ᠎ᠠ ᠪᠠ ᠵᠤᠷᠢᠭ ᠰᠠᠨᠠᠭᠠᠨ ᠤ ᠮᠦᠨ ᠴᠢᠨᠠᠷ ᠢ ᠪᠦᠷᠢᠨ ᠭᠦᠢᠴᠡᠳ ᠵᠦᠪ ᠤᠨᠤᠪᠴᠢᠳᠠᠢ ᠪᠦᠬᠦ ᠲᠠᠯ᠎ᠠ ᠪᠠᠷ ᠤᠶᠢᠯᠠᠭᠠᠨ ᠡᠵᠡᠮᠰᠢᠵᠦ᠂ ︽ᠲᠦᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠦ ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠤᠷᠤᠯᠴᠠᠯᠭ᠎ᠠ  ᠶᠢᠨ ᠦᠷ᠎ᠡ ᠪᠦᠳᠦᠭᠡᠯ ᠢᠶᠠᠨ ᠠᠵᠢᠯ ᠢᠶᠠᠨ ᠠᠬᠢᠭᠤᠯᠬᠤ ᠪᠤᠳᠠᠳᠦ ᠠᠵᠢᠯᠯᠠᠭ᠎ᠠ ᠪᠤᠯᠭᠠᠨ ᠬᠤᠪᠢᠷᠠᠭᠤᠯᠤᠨ᠂ ᠲᠤᠭᠠᠴᠢᠯᠠᠭᠰᠠᠨ ᠠᠵᠦ ᠦᠢᠯᠡᠰ᠂ ᠲᠤᠭᠠᠴᠢᠯᠠᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠵᠦ᠂ ᠴᠢᠳᠠᠪᠤᠷᠢᠳᠠᠨ ᠤ ᠪᠠᠶᠢᠭᠤᠯᠤᠯᠳᠠ ᠶᠢ ᠴᠢᠩᠭᠠᠳᠬᠠᠨ᠂ ᠮᠦᠩᠭᠦᠨ ᠬᠦᠢᠯᠭᠡᠭᠡᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ᠂ ᠦᠨᠳᠦᠰᠦᠨ ᠱᠠᠳᠤᠨ ᠤ ᠵᠠᠰᠠᠯᠳᠠ ᠶᠢ ᠮᠠᠪᠳᠠᠭᠤᠨ ᠪᠠᠳᠤᠳᠠᠢ ᠰᠠᠶᠢᠳᠤᠷ ᠬᠢᠵᠦ᠂ ᠬᠦᠭᠵᠢᠯᠳᠡ ᠪᠤᠯᠤᠨ ᠠᠮᠤᠷ ᠲᠦᠪᠰᠢᠨ ᠢ ᠨᠢᠭᠡᠳᠦᠯᠳᠡᠢ ᠲᠦᠯᠦᠪᠵᠢᠭᠦᠯᠵᠦ ᠂ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃ ᠲᠦᠪ ᠵᠢᠴᠢ ᠦᠪᠡᠷᠳᠡᠭᠡᠨ ᠵᠠᠰᠠᠬᠤ ᠤᠷᠤᠨ ᠤ ᠠᠮᠤ ᠪᠤᠳᠠᠭᠠᠨ ᠤ ᠦᠢᠯᠡᠳᠪᠦᠷᠢᠯᠡᠯ ᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠶᠢᠨ ᠤᠷᠠᠮᠰᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠦ᠂ ᠲᠠᠷᠢᠶᠠᠴᠢᠳ ᠤᠨ ᠠᠮᠤ ᠪᠤᠳᠠᠭᠠᠨ ᠤ ᠲᠠᠷᠢᠯᠭ᠎ᠠ ᠶᠢᠨ ᠠᠰᠢᠭ ᠤᠷᠤᠯᠭ᠎ᠠ ᠶᠢ ᠪᠠᠳᠤᠯᠠᠬᠤ ᠲᠤᠭᠳᠠᠴᠠ ᠶᠢ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠡᠵᠡᠩᠨᠡᠯᠳᠡ ᠶᠢᠨ ᠲᠠᠪᠠᠭᠤᠯᠢᠭ ᠢ ᠭᠦᠢᠴᠡᠳ ᠪᠠᠳᠠᠷᠠᠭᠤᠯᠵᠦ᠂ ᠲᠠᠷᠢᠶᠠᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠮᠤ ᠪᠤᠳᠠᠭᠠᠨ ᠤ ᠠᠵᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠵᠦ ᠵᠢᠭᠠᠵᠦ ᠭᠠᠷᠭᠠᠭᠰᠠᠨ ᠪᠠᠶᠢᠨ᠎ᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠠᠷᠴᠢᠮ ᠪᠤᠯᠤᠨ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ ᠬᠦᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨᠬᠦ ᠲᠤᠰᠬᠠᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠠᠶᠢᠳᠤᠷ ᠰᠢᠢᠳᠪᠦᠷᠢᠯᠡᠵᠦ᠂ ᠬᠠᠥᠯᠢ ᠶᠤᠰᠤᠨ ᠤ ᠡᠷᠬᠡ ᠠᠰᠢᠭ ᠢ ᠰᠠᠶᠢᠳᠤᠷ ᠬᠠᠮᠠᠭᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠡᠶ᠎ᠡ ᠵᠤᠬᠢᠴᠠᠩᠭᠤᠢ ᠲᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ  ᠬᠢᠨ ᠠᠷᠠᠳ ᠤᠨ ᠠᠮᠢᠳᠤᠷᠠᠯ ᠤᠨ ᠦᠢᠯᠡᠰ ᠢ ᠠᠬᠢᠭᠤᠯᠬᠤ ᠬᠠᠷᠢᠭᠤᠴᠠᠯᠭᠠᠳᠤ ᠰᠡᠳᠭᠢᠯᠬᠡ ᠪᠠ ᠡᠭᠦᠷᠭᠡᠳᠦ ᠰᠡᠳᠬᠢᠯᠬᠡ  ᠪᠠᠨ ᠦᠨᠡᠨᠬᠦ ᠴᠢᠩᠭᠠᠳᠬᠠᠵᠦ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠠᠬᠢᠭᠤᠯᠵᠦ᠂ ᠢᠮᠠᠭᠳᠠ ᠬᠠᠷᠠᠯᠳᠠ ᠶᠢᠨ ᠤᠳᠤᠷᠢᠳᠤᠮᠵᠢ ᠶᠢ ᠲᠤᠪᠤᠶᠢᠯᠭᠠᠵᠦ᠂ ᠦᠷ᠎ᠡ ᠪᠦᠳᠦᠮᠵᠢ ᠪᠠ ᠪᠡᠯᠡ ᠮᠦᠩᠭᠦ ᠶᠢᠨ ᠪᠠᠳᠤᠯᠠᠭ᠎ᠠ ᠶᠢ ᠴᠢᠩᠭᠠᠳᠬᠠᠬᠤ ᠶᠢ ᠱᠠᠯᠠᠪᠳᠠᠭᠤᠯᠤᠨ ᠪᠠᠶᠢᠴᠠᠭᠠᠵᠦ᠂ ᠦᠨᠡᠨ ᠪᠤᠳᠠᠳᠠᠢ ᠠᠵᠢᠯ ᠤᠨ ᠦᠷ᠎ᠡ ᠪᠦᠳᠦᠭᠡᠯ ᠢᠶᠠᠷ ᠢᠶᠠᠨ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠨᠠᠮᠡᠭᠳᠡᠭᠦᠯᠬᠦ ᠬᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ2021 ᠤᠨ ᠤ ᠪᠦᠬᠦ ᠬᠤᠰᠢᠭᠤᠨ ᠤ ᠪᠤᠯᠪᠠᠰᠤᠨ ᠨᠢᠬᠡᠴᠡ ᠶᠢᠨ ᠵᠢᠱᠢᠶᠡᠴᠢ᠂ ᠪᠤᠯᠪᠠᠰᠤᠨ ᠨᠢᠬᠡᠴᠡ᠂ ᠪᠤᠯᠪᠠᠰᠤᠨ ᠲᠤᠰᠬᠤᠨ ᠪᠠᠯᠭᠠᠰᠤ ᠶᠢᠨ ᠨᠡᠷᠡᠰ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠬᠢᠵᠠᠭᠠᠷ ᠤᠷᠤᠨ ᠤ ᠴᠢᠮᠡᠭᠡ ᠬᠤᠯᠪᠤᠭᠠᠨ ᠤ ᠪᠦᠳᠦᠭᠡᠨ ᠪᠠᠶᠢᠭᠤᠯᠤᠯᠳᠠ ᠶᠢᠨ ᠲᠦᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠦ ᠪᠠᠳᠤᠯᠠᠪᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号