︽ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠬᠥᠮᠦᠵᠢᠯ︾ ᠢ ᠯᠠᠪᠳᠠᠭᠤᠨ ᠪᠠᠲᠤᠲᠠᠶ ᠥᠷᠨᠢᠭᠦᠯᠵᠦ᠂ ︽ | ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠥᠬᠡᠶ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠥᠬᠦ ᠬᠤᠰᠢᠭᠤᠨ ᠤ ᠬᠢᠯᠢ ᠬᠠᠮᠠᠭᠠᠯᠠᠭᠴᠢ ᠶᠢᠨ ᠡᠭᠦᠷᠭᠡ ᠲᠤᠰᠢᠶᠠᠯ ᠢᠶᠠᠨ | ᠭᠦᠢᠴᠡᠳᠭᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠨ | ᠠᠶᠤᠯ ᠠᠴᠠ ᠵᠠᠶᠢᠯᠠᠬᠤ ᠤᠬᠠᠮᠰᠠᠷ ᠵᠢᠴᠢ ᠪᠠᠴᠢᠮ ᠪᠠᠶᠢᠳᠠᠯ ᠢ ᠠᠷᠭᠠᠴᠠᠨ ᠠᠪᠤᠷᠬᠠᠤ ᠴᠢᠳᠠᠪᠤᠷᠢ ᠶᠢ ᠨᠡᠮᠡᠭᠳᠡᠭᠦᠯᠬᠦ ᠶᠢᠨ | ᠲᠥᠯᠥᠭᠡ᠂ 7 ᠰᠠᠷ᠎ᠠ ᠶᠢᠨ 14 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠠᠴᠠ ᠬᠤᠷᠠᠯ ᠤᠨ ᠶᠠᠪᠤᠳᠠᠯ ᠤᠨ ᠲᠥᠪ ᠲᠤ ᠪᠥᠬᠦ ᠬᠤᠰᠢᠭᠤᠨ ᠤ ᠬᠢᠯᠢ ᠬᠠᠮᠠᠭᠠᠯᠠᠭᠴᠢ ᠳᠤ ᠪᠠᠴᠢᠮ | ᠪᠠᠶᠢᠳᠠᠯ ᠢ ᠠᠷᠭᠠᠴᠠᠨ ᠠᠪᠤᠷᠬᠠᠤ ᠪᠣᠯᠪᠠᠰᠤᠷᠠᠯ ᠬᠢᠵᠦ᠂ ᠨᠡᠶᠢᠲᠡ 180 ᠰᠣᠷᠣᠭᠴᠢ ᠪᠣᠯᠪᠠᠰᠤᠷᠠᠯ ᠳᠤ ᠣᠷᠣᠯᠴᠠᠵᠠᠶ᠃ | | ᠲᠤᠰ ᠤᠳᠠᠭᠠᠨ ᠤ ᠪᠣᠯᠪᠠᠰᠤᠷᠠᠭᠤᠯᠤᠯ ᠢ ︽ᠣᠨᠣᠯ + ᠦᠢᠯᠡᠳᠦᠯᠭᠡ︾ ᠶᠢᠨ ᠬᠡᠯᠪᠡᠷᠢ ᠪᠠᠷ | ᠶᠠᠪᠤᠭᠳᠠᠭᠤᠯᠵᠤ᠂ ᠡᠭᠦᠨ ᠳᠤ ᠵᠢᠷᠦᠬᠡ ᠠᠭᠤᠰᠬᠢᠨ ᠤ ᠰᠡᠷᠭᠦᠭᠡᠯᠲᠡ᠂ ᠰᠢᠷᠬ᠎ᠠ ᠶᠢᠨ ᠠᠪᠤᠷᠠᠯᠲᠠ᠂ ᠠᠮᠢᠰᠬᠤᠯ ᠤᠨ | ᠵᠠᠮ ᠤᠨ ᠬᠠᠷᠢ ᠪᠣᠳᠠᠰ ᠤᠨ ᠲᠦᠭᠵᠢᠷᠡᠯ ᠵᠡᠷᠭᠡ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠰᠢᠷᠬ᠎ᠠ ᠶᠢᠨ | ᠪᠠᠴᠢᠮ ᠠᠪᠤᠷᠠᠯᠲᠠ ᠶᠢᠨ ᠮᠡᠳᠡᠯᠭᠡ ᠶᠢ ᠪᠠᠭᠲᠠᠭᠠᠬᠤ ᠶᠢᠨ ᠬᠠᠮᠲᠤ ᠬᠡᠷᠬᠢᠨ ᠪᠡᠶ᠎ᠡ ᠶᠢᠨ ᠪᠠᠶᠢᠷᠢ ᠶᠢ ᠲᠣᠬᠢᠷᠠᠭᠤᠯᠬᠤ᠂ | ᠠᠮᠢᠰᠬᠤᠯ᠂ ᠴᠡᠭᠡᠵᠢᠨ ᠭᠠᠳᠠᠨᠠᠬᠢ ᠵᠢᠷᠦᠬᠡᠨ ᠤ ᠳᠠᠷᠤᠯᠲᠠ ᠶᠢ ᠮᠠᠭᠠᠳᠯᠠᠬᠤ᠂ ᠠᠮᠢᠰᠬᠤᠯ ᠤᠨ ᠵᠠᠮ ᠢ ᠨᠡᠭᠡᠭᠡᠬᠦ᠂ | ᠬᠥᠮᠦᠨ ᠤ ᠬᠦᠴᠦ ᠪᠠᠷ ᠠᠮᠢᠰᠬᠤᠭᠤᠯᠬᠤ᠂ ᠰᠢᠷᠬ᠎ᠠ ᠶᠢᠨ ᠠᠪᠤᠷᠠᠯᠲᠠ᠂ ᠠᠮᠢᠰᠬᠤᠯ ᠤᠨ ᠵᠠᠮ ᠤᠨ ᠬᠠᠷᠢ ᠪᠣᠳᠠᠰ ᠤᠨ | ᠲᠦᠭᠵᠢᠷᠡᠯ ᠵᠡᠷᠭᠡ ᠪᠠᠴᠢᠮ ᠠᠪᠤᠷᠠᠯᠲᠠ ᠶᠢᠨ ᠠᠷᠭ᠎ᠠ ᠵᠢᠴᠢ AED ᠶᠢᠨ ᠴᠡᠴᠡᠷᠬᠢᠯᠡᠯ ᠢ ᠠᠶᠠᠨᠳᠠᠭᠠᠨ ᠠᠷᠢᠯᠭᠠᠬᠤ | ᠠᠷᠭ᠎ᠠ ᠶᠢᠨ ᠲᠠᠯ᠎ᠠ ᠪᠠᠷ ᠲᠤᠬᠠᠶ ᠶᠢᠨ ᠲᠠᠯᠠᠪᠤᠷ ᠲᠤ ᠬᠢᠬᠦ ᠪᠣᠯᠪᠠᠰᠤᠷᠠᠯ ᠢ ᠬᠢᠭᠰᠡᠨ ᠪᠠᠶᠢᠨ᠎ᠠ᠃ 159 ᠰᠣᠷᠣᠭᠴᠢ | ᠣᠨᠣᠯ ᠤᠨ ᠮᠡᠳᠡᠯᠭᠡ ᠪᠠ ᠪᠣᠳᠠᠲᠤ ᠲᠠᠮᠢᠷ ᠤᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠤᠯᠠᠭᠠᠨ | ᠵᠠᠭᠠᠯᠮᠠᠶᠢᠲᠠᠨ ᠤ ᠠᠪᠤᠷᠠᠭᠴᠢ ᠪᠣᠯᠤᠭᠰᠠᠨ ᠪᠠᠶᠢᠨ᠎ᠠ᠃ | | | | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠢᠯᠢ ᠬᠢᠵᠠᠭᠠᠷ ᠣᠷᠣᠨ ᠢ ᠬᠠᠮᠠᠭᠠᠯᠠᠭᠴᠢ ᠶᠢᠨ | ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠬᠢᠵᠠᠭᠠᠷ | ᠣᠷᠣᠨ ᠢ ᠬᠠᠮᠠᠭᠠᠯᠠᠭᠴᠢ ᠶᠢᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠤᠬᠠᠮᠰᠠᠷ ᠵᠢᠴᠢ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠨᠡᠮᠡᠭᠳᠡᠭᠦᠯᠦᠨ᠂ ᠭᠡᠨᠡᠳᠲᠡ ᠶᠢᠨ ᠬᠡᠷᠡᠭ ᠢ ᠲᠤᠬᠠᠶ ᠶᠢᠨ | ᠲᠠᠯᠠᠪᠤᠷ ᠲᠤ ᠰᠢᠢᠳᠪᠦᠷᠢᠯᠡᠬᠦ ᠴᠢᠳᠠᠪᠤᠷᠢ ᠶᠢ ᠴᠤ ᠪᠦᠲᠦᠮᠵᠢᠲᠡᠶ ᠳᠡᠭᠡᠭᠰᠢᠯᠡᠭᠦᠯᠵᠦ᠂ ᠬᠢᠯᠢ ᠬᠢᠵᠠᠭᠠᠷ ᠣᠷᠣᠨ ᠢ | ᠰᠡᠷᠭᠡᠶᠢᠯᠡᠨ ᠰᠢᠨᠵᠢᠶᠠᠩ ᠢ ᠪᠠᠬᠢᠵᠢᠭᠦᠯᠬᠦ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | ᠬᠤᠶᠢᠰᠢᠳᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠥᠪᠡᠷ ᠤᠨ ᠳᠠᠪᠠᠭᠤᠯᠢᠭ ᠢᠶᠠᠨ | ᠦᠨᠡᠨᠬᠦ ᠪᠠᠳᠠᠷᠠᠭᠤᠯᠵᠤ᠂ ︽ᠠᠮᠢ ᠨᠠᠰᠤᠨ ᠤ ᠬᠥᠮᠦᠵᠢᠯ︾ ᠢ ᠢᠳᠡᠪᠬᠢᠲᠡᠶ ᠰᠠᠨᠠᠭᠠᠴᠢᠯᠠᠨ᠂ ᠤᠯᠠᠭᠠᠨ | ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠪᠣᠯᠪᠠᠰᠤᠷᠠᠭᠤᠯᠤᠯ ᠢ ᠪᠦᠲᠦᠮᠵᠢᠲᠡᠶ ᠥᠷᠨᠢᠭᠦᠯᠵᠦ᠂ | ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠬᠥᠮᠦᠨ ᠪᠣᠯᠭᠠᠨ | ᠲᠦᠷᠭᠡᠨ ᠠᠪᠤᠷᠬᠠᠤ ᠮᠡᠷᠭᠡᠵᠢᠯ ᠢ ᠣᠶᠢᠯᠠᠭᠠᠵᠤ᠂ ᠬᠥᠮᠦᠨ ᠪᠣᠯᠭᠠᠨ ᠲᠦᠷᠭᠡᠨ ᠠᠪᠤᠷᠬᠠᠤ ᠴᠢᠳᠠᠪᠤᠷᠢ ᠲᠠᠢ ᠪᠣᠯᠭᠠᠨ᠎ᠠ᠃ | |