ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠠᠯᠪᠠᠨ ᠵᠢᠷᠤᠮ ᠤᠨ ᠡᠮᠴᠢᠯᠡᠭᠡᠨ ᠤ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/7/20
      7 ᠰᠠᠷ᠎ᠠ ᠶᠢᠨ18 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢ ᠠᠵᠢᠯᠳᠠᠳ ᠰᠢᠷᠠᠮᠦ᠋ᠷᠡᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠮᠠᠯᠴᠢᠨ ᠲᠠᠷᠢᠶᠠᠴᠢᠳ ᠲᠤ ᠠᠯᠪᠠᠨ ᠵᠢᠷᠤᠮ ᠤᠨ ᠡᠮᠴᠢᠯᠡᠭᠡᠨ ᠤ ᠬᠦᠳᠡᠯᠬᠡᠬᠡᠨ ᠦᠷᠨᠢᠭᠦᠯᠦᠭᠰᠡᠨ ᠪᠠᠶᠢᠨ᠎ᠠ᠃      ᠰᠢᠷᠠᠮᠦ᠋ᠷᠡᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ᠂ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢ ᠨᠠᠷ ᠡᠪᠡᠳᠴᠢᠳᠡᠨ ᠳᠤ ᠴᠢᠰᠦ ᠰᠢᠯᠭᠠᠬᠤ ᠪᠠᠶᠢᠴᠠᠭᠠᠯᠳᠠ᠂B ᠬᠡᠳᠦ ᠲᠤᠯᠬᠢᠶᠠᠨ ᠤ ᠪᠠᠶᠢᠴᠠᠭᠠᠯᠳᠠ᠂ ᠵᠢᠷᠦᠬᠡᠨ ᠯᠤᠭᠰᠢᠯᠳᠠ ᠶᠢ ᠪᠠᠶᠢᠴᠠᠭᠠᠵᠦ ᠦᠭᠬᠦ ᠶᠢᠨ ᠬᠠᠮᠳᠦ ᠡᠪᠡᠳᠴᠢᠨ ᠤ ᠪᠠᠶᠢᠳᠠᠯ ᠢ ᠨᠢ ᠨᠠᠷᠢᠨ ᠨᠢᠮᠪᠠᠢ ᠠᠰᠠᠭᠤᠨ ᠯᠠᠪᠯᠠᠵᠦ ᠂ ᠲᠡᠳᠡᠨ ᠳᠤ ᠡᠮᠴᠢᠯᠡᠭᠡᠨ ᠤ ᠰᠠᠨᠠᠭᠤᠯᠭ᠎ᠠ ᠪᠠ ᠦᠷᠭᠦᠯᠵᠢ ᠲᠤᠬᠢᠶᠠᠯᠳᠤᠳᠠᠭ ᠡᠪᠡᠳᠴᠢᠨ ᠠᠷᠬᠠᠭ ᠢ ᠬᠡᠷᠬᠢᠨ ᠰᠡᠷᠭᠡᠶᠢᠯᠡᠬᠦ᠂ ᠡᠮ ᠤᠨ ᠵᠦᠢᠯᠡᠰ ᠢ ᠵᠦᠢ ᠵᠤᠬᠢᠰᠳᠡᠢ ᠬᠡᠷᠡᠭᠯᠡᠬᠦ ᠵᠡᠷᠭᠡ ᠲᠠᠯ᠎ᠠ ᠪᠠᠷ ᠨᠢᠮᠪᠡᠢ ᠰᠠᠨᠠᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号