ᠤᠮᠠᠷᠠᠳᠦ ᠬᠢᠯᠢ ᠶᠢᠨ ᠬᠤᠯᠪᠤᠭᠠᠯᠠᠭᠰᠠᠨ ᠨᠠᠮ ᠤᠨ ᠬᠤᠷᠢᠶᠠᠨ ᠤ ᠵᠤᠨ ᠤ ᠠᠮᠠᠷᠠᠯᠳᠠ ᠶᠢᠨ ᠰᠤᠶᠤᠯ ᠤᠨ ᠭᠠᠷᠠᠭ ᠤᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠤᠨ ᠬᠠᠮᠳᠤᠷᠠᠭᠰᠠᠨ ᠦᠳᠡᠰᠢᠯᠡᠭᠡ ᠨᠢᠵᠢᠭᠡᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2022/7/4
      ᠨᠠᠮ ᠤᠨ ᠬᠤᠷᠢᠳᠤᠭᠠᠷ ᠶᠡᠭᠡ ᠬᠤᠷᠠᠯ᠂ ᠬᠤᠰᠢᠭᠤ ᠪᠠᠶᠢᠭᠤᠯᠤᠭᠳᠠᠭᠰᠠᠨ70 ᠵᠢᠯ ᠤᠨ ᠤᠢ ᠶᠢ ᠤᠭᠳᠤᠨ ᠪᠡᠯᠭᠡᠯᠡᠬᠦ ᠤᠮᠠᠷᠠᠳᠦ ᠬᠢᠯᠢ ᠶᠢᠨ ᠬᠤᠯᠪᠤᠭᠠᠯᠠᠭᠰᠠᠨ ᠨᠠᠮ ᠤᠨ ᠬᠤᠷᠢᠶᠠᠨ ᠤ ᠵᠤᠨ ᠤ ᠠᠮᠠᠷᠠᠯᠳᠠ ᠶᠢᠨ ᠰᠤᠶᠤᠯ ᠤᠨ ᠭᠠᠷᠠᠭ ᠤᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠤᠨ ᠬᠠᠮᠳᠤᠷᠠᠭᠰᠠᠨ ᠦᠳᠡᠰᠢᠯᠡᠭᠡ6 ᠰᠠᠷ᠎ᠠ ᠶᠢᠨ29 ᠤ ᠡᠳᠦᠷ ᠮᠠᠨᠳᠤᠯ ᠪᠠᠯᠭᠠᠰᠤᠨ ᠤ ᠰᠤᠶᠤᠯ ᠤᠨ ᠠᠵᠦ ᠦᠢᠯᠡᠰ ᠤᠨ ᠬᠦᠷᠢᠶᠡᠯᠡᠩ ᠳᠤ ᠨᠢᠵᠢᠭᠡᠷ ᠰᠠᠶᠢᠬᠠᠨ ᠶᠠᠪᠤᠭᠳᠠᠯ᠎ᠠ᠃      ᠬᠤᠷ᠎ᠠ ᠶᠢᠨ ᠲᠠᠷᠠᠭᠠᠬᠢ ᠬᠢᠯᠢ ᠨᠤᠳᠤᠭ ᠤᠨ ᠠᠭᠠᠷ ᠲᠤᠩᠭᠠᠯᠠᠭᠰᠢᠯᠠᠵᠦ᠂ ᠤᠷᠭᠤᠮᠠᠯ ᠨᠤᠭᠤᠭ᠎ᠠ ᠨᠢ ᠰᠡᠷᠭᠦᠭᠰᠡᠨ ᠮᠠᠨᠳᠤᠯ ᠪᠠᠯᠭᠠᠰᠤᠨ ᠳᠤ ᠪᠤᠭᠤᠳᠦ ᠬᠤᠳᠠ᠂ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠤᠳᠤᠷᠢᠳᠤᠯᠭ᠎ᠠ ᠺᠠᠳ᠋ᠷ᠂ ᠡᠯ᠎ᠡ ᠦᠨᠳᠦᠰᠦᠳᠡᠨ ᠤ ᠠᠷᠠᠳ ᠲᠦᠮᠡᠨ ᠬᠤᠷᠠᠨ ᠴᠤᠭᠯᠠᠷᠠᠵᠦ᠂ ᠪᠤᠭᠤᠳᠦ ᠬᠤᠳᠠ ᠶᠢᠨ ᠲᠠᠭᠤᠤ ᠪᠦᠵᠢᠭ ᠤᠨ ᠬᠦᠷᠢᠶᠡᠯᠡᠩ᠂ ᠬᠤᠰᠢᠭᠤᠨ ᠤ ᠤᠯᠠᠭᠠᠨᠮᠦ᠋ᠴᠢᠷ ᠵᠢᠴᠢ ᠬᠢᠯᠢ ᠶᠢᠨ ᠰᠤᠮᠤ ᠭᠠᠴᠠᠭᠠᠨ ᠤ ᠠᠵᠢᠯᠳᠠᠨ᠂ ᠮᠠᠯᠴᠢᠳ ᠤᠨ ᠠᠭᠤᠤ ᠨᠠᠮ ᠤᠨ ᠢᠶᠠᠨ ᠠᠴᠢᠯᠠᠯ ᠬᠠᠶᠢᠷ᠎ᠠ ᠶᠢ ᠮᠠᠭᠳᠠᠨ ᠲᠠᠭᠤᠯᠠᠭᠰᠠᠨ ᠭᠤᠴᠦ ᠰᠠᠶᠢᠬᠠᠨ ᠲᠤᠭᠯᠠᠯᠳᠠ ᠶᠢ ᠰᠤᠨᠢᠷᠬᠠᠭᠰᠠᠨ ᠪᠠᠶᠢᠨ᠎ᠠ᠃      ᠤᠮᠠᠷᠠᠳᠦ ᠬᠢᠯᠢ ᠶᠢᠨ ᠬᠤᠯᠪᠤᠭᠠᠯᠠᠭᠰᠠᠨ ᠨᠠᠮ ᠤᠨ ᠬᠤᠷᠢᠶ᠎ᠠ ᠡᠨᠡᠬᠦ ᠵᠣᠨ ᠤ ᠠᠮᠠᠷᠠᠯᠳᠠ ᠶᠢᠨ ᠲᠤᠯᠤᠭᠠᠨ ᠬᠤᠨᠤᠭ ᠤᠨ ᠠᠵᠢᠯᠯᠠᠭ᠎ᠠ ᠪᠠᠷ ᠢᠶᠠᠨ ᠲᠠᠮᠵᠢᠭᠤᠯᠵᠦ᠂ ᠦᠨᠢᠷ ᠦᠳᠭᠡᠨ ᠰᠤᠶᠤᠯ ᠵᠢᠭᠤᠯᠴᠢᠯᠠᠯ ᠤᠨ ᠠᠵᠦ ᠦᠢᠯᠡᠰ  ᠢᠶᠠᠨ ᠦᠷᠭᠡᠳᠭᠡᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠮᠠᠷᠠᠳᠦ ᠬᠢᠯᠢ ᠶᠢᠨ ᠰᠤᠮᠤ ᠪᠠᠯᠭᠠᠰᠤᠨ ᠤ ᠠᠵᠦ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号