ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠡᠷᠢᠭ ᠠᠴᠠ ᠬᠠᠯᠠᠭᠳᠠᠭᠰᠠᠨ ᠠᠳᠢᠶ᠎ᠠ ᠪᠦᠬᠦ ᠤᠯᠤᠰ  ᠤᠨ ᠵᠠᠭᠤᠨ ᠠᠬᠠᠮᠠᠳ ᠴᠡᠷᠢᠭ ᠤᠨ ᠣᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠦᠷᠦᠭᠦᠦ ᠪᠦᠯᠦᠭ ᠬᠡᠰᠢᠬᠦᠨ ᠪᠤᠯᠵᠡᠢ
ᠨᠡᠶᠢᠲᠡᠯᠡᠭᠰᠡᠨ ᠴᠠᠭ᠄
2022/7/5
      ᠨᠠᠮ ᠢᠶᠠᠨ ᠬᠠᠶᠢᠷᠠᠯᠠᠨ᠂ ᠡᠬᠡ ᠤᠯᠤᠰ ᠢᠶᠠᠨ ᠬᠠᠶᠢᠷᠠᠯᠠᠵᠦ᠂ ᠨᠠᠶᠢᠭᠡᠮ ᠵᠢᠷᠤᠮ ᠤᠨ ᠴᠠᠭ ᠦᠶ᠎ᠡ ᠶᠢᠨ ᠭᠤᠤᠯ ᠬᠦᠭ ᠠᠶᠠᠰ ᠢ ᠴᠢᠪᠠᠭᠳᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠰᠢᠯᠢᠳᠡᠭ ᠬᠦᠮᠦᠰ ᠤᠨ ᠵᠢᠱᠢᠶ᠎ᠡ ᠦᠵᠡᠭᠦᠯᠬᠦ ᠰᠤᠷᠭᠠᠨ ᠬᠦᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ︽ᠠᠬᠠᠮᠠᠳ ᠴᠡᠷᠢᠭ︾ ᠤᠨ ᠬᠤᠪᠢ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠳᠠ ᠶᠢ ᠤᠬᠠᠭᠤᠯᠤᠨ ᠲᠠᠶᠢᠯᠪᠤᠷᠢᠯᠠᠬᠤ ᠪᠠᠷ᠂ ᠪᠦᠬᠦ ᠤᠯᠤᠰ ᠲᠤ ᠠᠬᠠᠮᠠᠳ ᠴᠡᠷᠢᠭ ᠤᠨ ᠣᠬᠠᠭᠤᠯᠤᠨ ᠲᠠᠶᠢᠯᠪᠤᠷᠢᠯᠠᠬᠤ ᠪᠠᠷ᠂ ᠪᠦᠬᠦ ᠤᠯᠤᠰ ᠲᠤ ᠠᠬᠠᠮᠠᠳ ᠲᠤ ᠴᠡᠷᠢᠭ  ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠦ᠂ ᠮᠠᠨ ᠤ ᠤᠷᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠭᠤᠷᠪᠠᠨ ᠰᠢᠯᠢᠳᠡᠭ ᠴᠡᠷᠢᠭ ᠪᠦᠬᠦ ᠣᠯᠣᠰ ᠤᠨ ᠵᠠᠭᠤᠨ ᠠᠬᠠᠮᠠᠳ ᠴᠡᠷᠢᠭ ᠤᠨ ᠣᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠦᠷᠦᠭᠦᠦ ᠪᠦᠯᠦᠭ ᠪᠦᠷᠢᠯᠳᠦᠭᠦᠨ ᠪᠤᠯᠪᠠ᠃
微信图片_20220705085818.jpg     
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ᠂ ᠦᠪᠡᠷᠳᠡᠭᠡᠨ ᠵᠠᠰᠠᠬᠤ ᠤᠷᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠲᠠᠨᠢᠯᠴᠠᠭᠤᠯᠤᠭᠰᠠᠨ ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠠᠯᠭᠠᠰᠤᠨ ᠤ ᠪᠠᠶᠠᠠᠬᠠᠷ᠎ᠠ ᠭᠠᠴᠠᠭ᠎ᠠ ᠶᠢᠨ ᠮᠠᠯᠴᠢᠨ᠂ ᠬᠢᠯᠢ ᠬᠠᠮᠠᠭᠠᠯᠠᠭᠴᠢ ᠠᠳᠢᠶ᠎ᠠ᠂ ᠤᠷᠳᠤᠰ ᠬᠤᠳᠠ ᠶᠢᠨ ︽ᠬᠠᠮᠠᠭᠠᠯᠠᠭᠴᠢ︾ ᠴᠡᠷᠢᠭ ᠠᠴᠠ ᠬᠠᠯᠠᠭᠳᠠᠭᠰᠠᠨ ᠵᠢᠯᠤᠭᠤᠴᠢ ᠦᠭᠡᠢ ᠨᠢᠰᠭᠡᠯ  ᠤᠨ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠢᠨ ᠲᠠᠷᠤᠭ᠎ᠠ ᠮᠠ ᠪᠢᠨ᠂ ᠠᠯᠠᠱᠠ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠯᠭᠤᠯᠳᠠ ᠦᠢᠯᠡᠰ ᠪᠤᠰᠬᠠᠬᠤ ᠶᠢ ᠠᠬᠢᠭᠤᠯᠬᠤ ᠨᠡᠶᠢᠭᠡᠮᠯᠢᠭ ᠤᠨ ᠲᠠᠷᠤᠭ᠎ᠠ ᠡᠥ ᠸᠧᠨ ᠪᠢᠨ᠂ ᠪᠦᠬᠦ ᠤᠯᠤᠰ ᠤᠨ ᠵᠠᠭᠤᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠩᠬᠠᠨ ᠤ ᠪᠦᠯᠦᠭ ᠤᠬᠠᠭᠤᠯᠤᠯ ᠤᠨ ᠠᠵᠢᠯᠯᠠᠭ᠎ᠠ ᠳᠤ ︽ᠬᠤᠪᠢᠰᠬᠠᠯ ᠤᠨ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠦ᠂ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠤᠢ︾ ᠬᠡᠬᠦ ᠭᠤᠤᠯ ᠰᠡᠳᠦᠪᠳᠦ ᠲᠤᠭᠤᠷᠢᠨ ᠤᠬᠠᠭᠤᠯᠬᠤ ᠦᠢᠯᠡ ᠠᠵᠢᠯᠯᠠᠭ᠎ᠠ ᠶᠢᠨ ᠮᠡᠳᠡᠭᠦᠯᠦᠯᠳᠡ ᠬᠢᠭᠰᠡᠨ ᠪᠠᠶᠢᠨ᠎ᠠ᠃
微信图片_20220706153921.jpg
                     ᠲᠠᠳᠤᠯᠭ᠎ᠠ ᠶᠢᠨ ᠰᠤᠷᠤᠭᠴᠢ᠄ ᠤᠷᠠᠯᠢᠭ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号