ᠪᠤᠯᠪᠠᠰᠤᠨ ᠪᠤᠰᠤ ᠦᠢᠯᠡ ᠠᠵᠢᠯᠯᠠᠭ᠎ᠠ ᠳᠤ ︽ᠪᠤᠯᠬᠤ ᠦᠭᠡᠢ︾ ᠭᠡᠵᠦ ᠬᠡᠯᠡᠶ᠎ᠡ
ᠨᠡᠶᠢᠲᠡᠯᠡᠭᠰᠡᠨ ᠴᠠᠭ᠄
2022/7/6
      ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠰᠠᠬᠢᠭᠤ ᠪᠤᠯ ᠬᠤᠳᠠ ᠶᠢᠨ ᠲᠦᠷᠢ ᠲᠦᠷᠬᠦ ᠶᠢᠨ ᠴᠤᠩᠬᠤᠪᠴᠢ᠂ ᠪᠤᠯᠪᠠᠰᠤᠨ ᠬᠤᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠪᠤᠯᠪᠠᠰᠤᠨ ᠬᠤᠳᠠ ᠶᠢ ᠪᠦᠳᠦᠭᠡᠨ ᠪᠠᠶᠢᠭᠤᠯᠬᠤ ᠠᠵᠢᠯ ᠳᠤ ᠬᠦᠴᠦ ᠨᠡᠮᠡᠷᠢᠯᠡᠵᠦ᠂ ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠰᠠᠬᠢᠬᠤ ᠪᠤᠯ ᠬᠤᠳᠠ  ᠶᠢᠨ ᠠᠷᠠᠳ ᠪᠦᠬᠦᠨ ᠤ ᠬᠠᠷᠢᠭᠤᠴᠠᠯᠭ᠎ᠠ ᠮᠦᠨ᠃      ᠮᠠᠨ ᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠳᠠᠬᠢ ᠵᠠᠷᠢᠮ ᠠᠷᠠᠳ ᠢᠷᠭᠡᠳ ᠠᠶᠤᠯᠬᠦᠢ ᠮᠠᠯᠠᠭᠠᠢ ᠵᠡᠬᠦᠬᠦ ᠦᠭᠡᠢ ᠪᠠᠷ ᠴᠠᠬᠢᠯᠭᠠᠨ ᠬᠦᠳᠡᠯᠬᠡᠬᠦᠷᠳᠦ ᠲᠡᠷᠭᠡ ᠪᠤᠶᠤ ᠮᠤᠲ᠋ᠤᠷ ᠤᠨᠤᠵᠦ᠂ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠡᠪᠳᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠷᠬᠠᠭ ᠭᠡᠮ ᠠᠪᠴᠢᠷᠠᠭᠰᠠᠨ ᠪᠠᠶᠢᠨ᠎ᠠ᠃       ᠬᠤᠳᠠ ᠶᠢᠨ ᠠᠷᠠᠳ ᠪᠦᠬᠦᠨ ᠡᠷᠬᠡᠪᠰᠢ ᠡᠳᠡᠭᠡᠷ ᠲᠤᠭᠳᠠᠭᠠᠯ ᠢ ᠵᠦᠷᠢᠴᠡᠭᠰᠡᠨ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠲᠡᠪᠴᠢᠵᠦ᠂ ᠪᠤᠯᠪᠠᠰᠤᠨ ᠲᠦᠷᠢ ᠲᠦᠷᠬᠦ ᠶᠢ ᠡᠭᠦᠳᠦᠨ᠂ ᠪᠤᠯᠪᠠᠰᠤᠨ ᠬᠤᠳᠠ ᠶᠢᠨ ᠬᠡᠪ ᠨᠠᠮᠪᠠ ᠶᠢ ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠪᠤᠯᠪᠠᠰᠤᠨ ᠶᠤᠰᠤ ᠰᠤᠷᠳᠠᠬᠤᠨ ᠲᠠᠢ ᠢᠷᠭᠡᠨ ᠪᠤᠯᠬᠤ ᠪᠠᠷ ᠴᠢᠷᠮᠠᠶᠢᠵᠠᠭᠠᠶ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号