ᠭᠠᠴᠠᠭᠠᠨ ᠤ ᠠᠷᠠᠳ ᠤᠨ ᠭᠠᠪᠰᠢᠭᠠᠢ ᠲᠠᠭᠠᠭᠤᠯᠤᠭᠴᠢ    ᠪᠠᠳᠤᠪᠠᠶᠠᠷ
ᠨᠡᠶᠢᠲᠡᠯᠡᠭᠰᠡᠨ ᠴᠠᠭ᠄
2022/7/8
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ ᠤᠨ ᠠᠵᠢᠯᠳᠠᠨ ᠪᠠᠳᠤᠪᠠᠶᠠᠷ ᠤᠳᠤ ᠲᠠᠷᠬᠠᠨ ᠰᠤᠮᠤᠨ ᠤ ᠰᠢᠷᠠᠬᠠᠳᠠ ᠭᠠᠴᠠᠭᠠᠨ ᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ᠃ ᠲᠤᠰᠢᠶᠠᠯ ᠳᠤ ᠭᠠᠷᠤᠭᠰᠠᠨ ᠠᠴᠠ ᠨᠠᠰᠢ᠂ ᠲᠡᠷᠡ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠴᠢᠷᠮᠠᠶᠢᠨ ᠠᠵᠢᠯᠯᠠᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠬᠦᠢᠴᠡᠳᠭᠡᠵᠦ᠂ ᠭᠠᠴᠠᠭᠠᠨ ᠤ ᠮᠠᠯᠴᠢᠨ ᠲᠦᠮᠡᠨ ᠤ ᠪᠠᠨ ᠠᠬᠤᠢ ᠠᠮᠢᠳᠤᠷᠠᠯ ᠢ ᠠᠩᠬᠠᠷᠤᠨ ᠬᠠᠯᠠᠮᠵᠢᠯᠠᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠠᠪᠰᠢᠭᠠᠢ ᠲᠠᠭᠠᠭᠤᠯᠤᠭᠴᠢ ᠪᠤᠯᠬᠤ ᠪᠠᠷ ᠴᠢᠷᠮᠠᠶᠢᠨ ᠠᠵᠢᠯᠯᠠᠭᠰᠠᠭᠠᠷ ᠪᠠᠶᠢᠨ᠎ᠠ᠃
微信图片_20220708090829.png     
      ᠰᠢᠷᠠᠬᠠᠳᠠ ᠭᠠᠴᠠᠭᠠᠨ ᠳᠤ ᠠᠵᠢᠯ ᠰᠢᠯᠵᠢᠵᠦ ᠢᠷᠡᠭᠰᠡᠨ ᠤ ᠲᠠᠷᠠᠭ᠎ᠠ ᠲᠡᠷᠡ ᠭᠠᠴᠠᠭᠠᠨ ᠤ ᠪᠠᠨ ᠪᠤᠳᠠᠳᠠᠢ ᠪᠠᠶᠢᠳᠠᠯ ᠳᠤ ᠴᠢᠭᠯᠡᠭᠦᠯᠦᠨ ᠬᠠᠮᠳᠦ ᠶᠢᠨ ᠠᠵᠦ ᠠᠬᠤᠢ ᠶᠢ ᠪᠠᠵᠠᠭᠠᠶᠢᠷᠠᠭᠤᠯᠬᠤ ᠳᠤ ᠬᠠᠮᠳᠦ ᠶᠢᠨ ᠪᠡᠯᠴᠢᠭᠡᠷ ᠪᠤᠯ ᠵᠠᠩᠭᠢᠯᠭ᠎ᠠ ᠪᠤᠯᠬᠤ ᠶᠢ ᠲᠠᠨᠢᠨ ᠮᠡᠳᠡᠷᠡᠵᠦ᠂ ᠰᠢᠷᠠᠬᠠᠳᠠ ᠭᠠᠴᠠᠭᠠᠨ ᠤ ᠬᠠᠮᠳᠦ ᠶᠢᠨ ᠪᠡᠯᠴᠢᠭᠡᠷ ᠲᠤᠳᠤᠷᠬᠠᠢ ᠦᠭᠡᠢ ᠪᠠᠶᠢᠭ᠎ᠠ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠢ ᠤᠯᠠᠨ ᠤᠳᠠᠭ᠎ᠠ ᠬᠠᠷᠢᠴᠠᠵᠦ ᠪᠠᠶᠢᠳᠠᠯ ᠢ ᠠᠰᠠᠭᠤᠨ ᠰᠤᠷᠠᠭᠯᠠᠵᠦ᠂ ᠭᠠᠴᠠᠭᠠᠨ ᠳᠤ ᠪᠠᠨ1200 ᠮᠤ᠋ ᠬᠠᠮᠳᠦ ᠶᠢᠨ ᠪᠡᠯᠴᠢᠭᠡᠷ  ᠢ ᠵᠤᠬᠢᠴᠠᠭᠤᠯᠤᠨ ᠰᠢᠢᠳᠪᠤᠷᠢᠯᠡᠵᠦ᠂ ᠬᠠᠮᠳᠦ ᠶᠢᠨ ᠠᠵᠦ ᠠᠬᠤᠢ ᠶᠢ ᠬᠦᠭᠵᠢᠭᠦᠯᠬᠦ ᠰᠠᠭᠤᠷᠢ ᠶᠢ ᠲᠠᠯᠪᠢᠭᠰᠠᠨ ᠪᠠᠶᠢᠨ᠎ᠠ᠃ ᠤᠳᠤ ᠭᠠᠴᠠᠭᠠᠨ ᠤ ᠪᠠᠨ ᠬᠤᠶᠠᠷ ᠵᠦᠪᠯᠡᠯ ᠤᠨ ᠬᠢᠨ ᠲᠠᠢ ᠵᠦᠪᠳᠡᠯᠴᠡᠵᠦ ᠪᠠᠶᠢᠭᠠᠳ ᠬᠠᠮᠳᠦ ᠶᠢᠨ ᠪᠡᠯᠴᠢᠭᠡᠷ ᠲᠡᠭᠡᠷ᠎ᠡ ᠪᠠᠨ ᠮᠢᠬᠠᠨ ᠤ ᠦᠭᠡᠷ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠪᠠᠷ ᠲᠦᠯᠦᠪᠯᠡᠨ ᠠᠵᠢᠯᠯᠠᠵᠦ ᠪᠠᠶᠢᠨ᠎ᠠ᠃
微信图片_20220708090837.png
      ᠪᠠᠳᠤᠪᠠᠶᠠᠷ ᠰᠢᠨ᠎ᠡ ᠠᠵᠢᠯ ᠤᠨ ᠪᠠᠶᠢᠷᠢ ᠲᠡᠭᠡᠷ᠎ᠡ ᠪᠠᠨ ᠭᠠᠷᠤᠮᠠᠭᠴᠠ ᠡᠷᠦᠬᠡ ᠳᠤ ᠬᠦᠨᠵᠡᠭᠡᠶᠢᠷᠡᠨ ᠭᠠᠴᠭᠠᠠᠨ ᠤ ᠮᠠᠯᠴᠢᠳ ᠤᠨ ᠢᠶᠠᠨ ᠦᠨᠳᠦᠰᠦᠨ ᠪᠠᠶᠢᠳᠠᠯ ᠢ ᠤᠶᠢᠯᠠᠭᠠᠬᠤ ᠶᠠᠪᠤᠴᠠ ᠳᠤ ᠮᠠᠯᠴᠢᠨ ᠠᠯᠳᠠᠨᠴᠡᠴᠡᠭ ᠤᠨ ᠦᠪᠡᠷ ᠤᠨ ᠪᠡᠶ᠎ᠡ ᠨᠢ ᠵᠡᠮᠳᠡᠭ᠂ ᠬᠤᠶᠠᠷ ᠬᠡᠥᠬᠡᠳ ᠨᠢ ᠠᠷᠬᠠᠭ ᠡᠪᠡᠳᠴᠢᠨ ᠲᠠᠢ᠂ ᠨᠦᠬᠦᠷ ᠨᠢ ᠬᠦᠳᠡᠯᠮᠦᠷᠢᠯᠡᠬᠦ ᠴᠢᠳᠠᠪᠤᠷᠢ ᠲᠠᠢ ᠴᠦ ᠬᠡᠰᠡᠨ ᠠᠮᠢᠳᠤᠷᠠᠯ ᠨᠢ ᠲᠤᠩ ᠬᠦᠴᠢᠷᠳᠡᠢ᠂ ᠢᠯᠠᠩᠭᠤᠶ᠎ᠠ ᠭᠡᠷ ᠪᠠᠶᠢᠰᠢᠩ ᠤᠨ ᠠᠰᠠᠭᠤᠳᠠᠯ ᠪᠤᠯ ᠲᠡᠳᠡᠨ ᠤ ᠭᠡᠷ ᠪᠦᠯᠢ ᠶᠢᠨ ᠬᠠᠮᠤᠭ ᠤᠨ ᠶᠡᠭᠡ ᠵᠤᠪᠠᠨᠢᠯ ᠲᠠᠢ ᠶᠠᠪᠤᠳᠠᠯ ᠪᠤᠯᠬᠤ ᠶᠢ ᠤᠶᠢᠯᠠᠭᠠᠵᠦ ᠮᠡᠳᠡᠭᠰᠡᠨ ᠤ ᠲᠠᠷᠠᠭ᠎ᠠ᠂ ᠭᠠᠴᠠᠭᠠᠨ  ᠤ ︽ᠬᠤᠶᠠᠷ ᠵᠦᠪᠯᠡᠯ︾ ᠢ ᠲᠠᠶᠢᠴᠢᠯᠠᠨ ᠬᠠᠮᠳᠦ ᠪᠠᠷ ᠠᠷᠭ᠎ᠠ ᠪᠤᠳᠤᠵᠦ᠂ ᠰᠢᠪᠡᠷᠬᠦᠷᠢᠶ᠎ᠡ ᠲᠡᠮᠦᠷ ᠤᠨ ᠠᠭᠤᠷᠬᠠᠢ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠰᠠᠯᠠᠭ᠎ᠠ ᠮᠦᠴᠢᠷ ᠲᠠᠢ ᠬᠠᠷᠢᠯᠴᠠᠵᠦ ᠪᠠᠶᠢᠭᠠᠳ ᠪᠡᠯᠡ ᠮᠦᠩᠭᠦ ᠴᠤᠭᠯᠠᠭᠤᠯᠤᠨ ᠠᠯᠳᠠᠨᠴᠡᠴᠡᠭ ᠤᠨ ᠬᠢᠨ ᠳᠤ ᠰᠢᠨ᠎ᠡ ᠭᠡᠷ ᠪᠠᠶᠢᠰᠢᠩ ᠪᠠᠷᠢᠵᠦ ᠦᠭᠭᠦᠭᠰᠡᠨ ᠪᠠᠶᠢᠨ᠎ᠠ᠃
微信图片_20220708090844.png
      ᠡᠨᠡ ᠮᠡᠳᠦᠴᠢᠯᠡᠨ ᠪᠠᠳᠤᠪᠠᠶᠠᠷ ᠰᠢᠷᠠᠬᠠᠳᠠ ᠭᠠᠴᠭᠠᠠᠨ ᠤ ᠪᠠᠨ ᠡᠷᠦᠬᠡ ᠪᠦᠷᠢ ᠶᠢᠨ ᠪᠠᠶᠢᠳᠠᠯ ᠢ ᠰᠠᠶᠢᠳᠤᠷ ᠤᠶᠢᠯᠠᠭᠠᠨ᠂ ᠠᠯᠢ ᠡᠷᠦᠬᠡ ᠨᠢ ᠶᠠᠮᠠᠷᠬᠠᠨ ᠪᠠᠶᠢᠳᠠᠯ ᠲᠠᠢ ᠭᠡᠳᠡᠭ ᠢ ᠲᠤᠳᠤᠷᠬᠠᠢ ᠮᠡᠳᠡᠵᠦ᠂ ᠠᠵᠢᠯ ᠤᠨ ᠲᠤᠮᠳᠠ ᠪᠠᠨ ᠮᠠᠯᠴᠢᠳ ᠤᠨ ᠢᠶᠠᠨ ᠵᠤᠪᠠᠯᠠᠩ ᠢ ᠰᠡᠳᠬᠢᠯ ᠳᠤ ᠪᠠᠨ ᠲᠡᠭᠡᠭᠡᠨ᠂ ᠰᠢᠷᠭᠠᠭᠤ ᠬᠠᠳᠠᠭᠤᠵᠢᠯᠳᠠᠢ ᠴᠢᠷᠮᠠᠶᠢᠨ ᠠᠵᠢᠯᠯᠠᠵᠦ᠂ ᠦᠨᠳᠦᠷ ᠪᠦᠳᠦᠮᠵᠢᠳᠡᠢ ᠠᠵᠢᠯ ᠤᠨ ᠰᠤᠷᠳᠠᠯ ᠢ ᠪᠠᠷᠢᠮᠳᠠᠯᠠᠨ᠂ ᠭᠠᠴᠠᠭᠠᠨ ᠤ ᠪᠠᠨ ᠠᠵᠢᠯᠯᠠᠬᠤ ᠨᠦᠬᠦᠴᠡᠯ ᠢ ᠰᠠᠶᠢᠵᠢᠷᠠᠭᠤᠯᠬᠤ ᠶᠢᠨ ᠲᠦᠯᠦᠬᠡ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠲᠠᠢ ᠬᠠᠷᠢᠯᠴᠠᠵᠦ᠂ ᠭᠠᠴᠭᠠᠠᠨ  ᠳᠤ ᠰᠢᠨ᠎ᠡ ᠺᠤᠮᠫᠢᠥᠲ᠋ᠧᠷ᠂ ᠲᠠᠷᠤᠮᠠᠯᠯᠠᠬᠤ ᠮᠠᠰᠢᠨ ᠵᠡᠷᠭᠡ ᠲᠦᠬᠦᠭᠡᠷᠦᠮᠵᠢ ᠤᠭᠰᠠᠷᠠᠵᠦ᠂ ᠭᠠᠴᠠᠭᠠᠨ ᠤ ᠬᠡᠰᠢᠭᠦᠳ ᠤᠨ ᠠᠵᠢᠯᠯᠠᠬᠤ ᠤᠷᠮ᠎ᠠ ᠵᠤᠷᠢᠭ ᠢ ᠤᠯᠠᠮ ᠨᠢᠭᠡ ᠠᠯᠬᠤᠮ ᠲᠠᠶᠢᠴᠢᠯᠠᠭᠰᠠᠨ ᠪᠠᠶᠢᠨ᠎ᠠ᠃
微信图片_20220708090847.png
      ᠲᠡᠷᠡ ᠰᠢᠷᠠᠬᠠᠳᠠ ᠭᠠᠴᠠᠭᠠᠨ ᠤ ᠨᠡᠮ ᠤᠨ ᠪᠦᠳᠦᠭᠡᠨ ᠪᠠᠶᠢᠭᠤᠯᠤᠯᠳᠠ ᠠᠴᠠ ᠠᠵᠦ ᠦᠢᠯᠡᠰ ᠤᠨ ᠬᠦᠭᠵᠢᠯᠳᠡ ᠬᠦᠷᠳᠡᠯ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠤᠷᠴᠢᠨ ᠲᠤᠭᠤᠷᠢᠨ ᠢ ᠵᠠᠰᠠᠬᠤ ᠬᠦᠷᠳᠡᠯ᠎ᠡ ᠭᠤᠶᠠᠴᠢ ᠦᠬᠡᠢ ᠵᠢᠳᠭᠦᠵᠦ᠂ ᠭᠠᠴᠭᠠᠠᠨ ᠤ ᠠᠷᠠᠳ ᠤᠯᠠᠨ ᠤ ᠪᠠᠨ ᠮᠠᠭᠳᠠᠭᠠᠯ ᠢ ᠤᠯᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠢᠨ᠎ᠡ ᠬᠦᠳᠡᠯᠬᠡᠬᠦ ᠬᠦᠴᠦᠨ ᠢ ᠨᠡᠮᠡᠭᠳᠡᠭᠦᠯᠵᠦ᠂ ᠡᠨᠡᠬᠦ ᠠᠶᠠᠨ ᠢᠶᠠᠨ ᠦᠷᠭᠦᠯᠵᠢᠯᠡᠭᠦᠯᠦᠭᠰᠡᠭᠡᠷ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号