ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶ᠎ᠠ ︽ᠬᠠᠥᠯᠢ ᠶᠢᠨ ᠬᠤᠷ᠎ᠠ ᠪᠠᠷ ᠨᠠᠬᠢᠶ᠎ᠠ ᠶᠢ ᠤᠮᠳᠠᠯᠠᠵᠦ ᠬᠡᠥᠬᠡᠳ ᠪᠠᠭᠠᠴᠤᠳ ᠢᠶᠠᠨ ᠬᠠᠮᠳᠤᠪᠠᠷ ᠬᠠᠮᠠᠭᠠᠯᠠᠬᠤ︾ ᠬᠤᠤᠰ ᠬᠡᠯᠡ ᠪᠠᠷ ᠬᠠᠥᠯᠢ ᠲᠦᠭᠡᠮᠡᠯᠵᠢᠭᠦᠯᠬᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/7/8
      ᠰᠢ ᠶᠢᠨ ᠫᠢᠩ ᠶᠡᠷᠦᠩᠭᠡᠢ ᠱᠦᠵᠢ ᠶᠢᠨ ᠵᠠᠯᠠᠭᠤᠴᠤᠳ ᠪᠠᠭᠠᠴᠤᠳ ᠤᠨ ᠬᠠᠥᠯᠢ ᠪᠠᠷ ᠵᠠᠰᠠᠬᠤ ᠬᠦᠮᠦᠵᠢᠯ ᠤᠨ ᠠᠵᠢᠯ ᠢ ᠴᠢᠩᠭᠠᠳᠬᠠᠬᠤ ᠲᠤᠬᠠᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠨᠠᠶᠢᠮᠠᠳᠤᠭᠠᠷ ᠲᠠᠪᠤᠨ ᠵᠢᠯ︾ ᠤᠨ ᠬᠠᠥᠯᠢ ᠲᠦᠭᠡᠮᠡᠯᠵᠢᠭᠦᠯᠬᠦ ᠲᠦᠯᠦᠪᠵᠢᠭᠦᠯᠬᠡ ᠶᠢ ᠴᠢᠨᠠᠷ ᠰᠠᠶᠢᠳᠡᠢ ᠬᠡᠷᠡᠭᠵᠢᠭᠦᠯᠵᠦ᠂ ᠰᠢᠨ᠎ᠡ ᠪᠠᠷ ᠵᠠᠰᠠᠪᠤᠷᠢ ᠤᠷᠤᠭᠤᠯᠵᠦ ᠲᠤᠭᠳᠠᠭᠠᠭᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠥᠯᠢ︾ ︽ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠥᠯᠢ︾ ︽ᠭᠡᠷ ᠪᠦᠯᠢ ᠶᠢᠨ ᠬᠦᠮᠦᠵᠢᠯ ᠢ ᠠᠬᠢᠭᠤᠯᠬᠤ ᠬᠠᠥᠯᠢ︾ ᠶᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ ᠶᠢᠨ ᠲᠦᠯᠦᠭᠡ᠂7 ᠰᠠᠷ᠎ᠠ ᠶᠢᠨ6 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠳᠤ ︽ᠬᠠᠥᠯᠢ ᠶᠢᠨ ᠬᠤᠷ᠎ᠠ ᠪᠠᠷ ᠨᠠᠬᠢᠶ᠎ᠠ ᠶᠢ ᠤᠮᠳᠠᠯᠠᠵᠦ ᠬᠡᠥᠬᠡᠳ ᠪᠠᠭᠠᠴᠣᠳ ᠢᠶᠠᠨ ᠬᠠᠮᠳᠤᠪᠠᠷ ᠬᠠᠮᠠᠭᠠᠯᠠᠬᠤ︾ ᠬᠤᠤᠰ ᠬᠡᠯᠡ ᠪᠠᠷ ᠬᠠᠥᠯᠢ ᠲᠦᠭᠡᠮᠡᠯᠵᠢᠭᠦᠯᠬᠦ ᠬᠦᠳᠡᠯᠭᠡᠭᠡᠨ ᠦᠷᠨᠢᠭᠦᠯᠪᠡ᠃
微信图片_20220708090737.jpg
      ᠬᠦᠳᠡᠯᠬᠡᠬᠡᠨ ᠳᠤ ᠪᠠᠶᠢᠴᠠᠭᠠᠬᠤ ᠬᠤᠷᠢᠶᠠᠨ ᠤ ᠲᠦᠯᠦᠭᠡᠯᠡᠭᠴᠢᠳ ᠠᠴᠠ ᠰᠤᠷᠭᠠᠭᠤᠯᠢ ᠶᠢᠨ ᠪᠠᠭᠰᠢ ᠨᠠᠷ ᠲᠤ ᠬᠠᠥᠯᠢ ᠴᠠᠭᠠᠵᠠ ᠶᠢᠨ ᠨᠤᠮ ᠪᠢᠴᠢᠭ ᠪᠡᠯᠡᠭᠯᠡᠵᠦ᠂ ᠰᠤᠷᠭᠠᠭᠤᠯᠢ ᠶᠢᠨ ᠬᠦᠷᠢᠶᠡᠨ ᠳᠤ ᠬᠠᠥᠯᠢ ᠴᠠᠭᠠᠵᠠ ᠶᠢᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠪᠠᠷ ᠲᠠᠮᠵᠢᠨ᠂ ᠨᠠᠰᠤᠨ ᠳᠤ ᠦᠯᠦ ᠬᠦᠷᠦᠭᠰᠡᠳ ᠢ ᠬᠦᠳᠦᠯᠦᠨ ᠵᠢᠯᠤᠭᠤᠳᠴᠦ ᠬᠠᠥᠯᠢ ᠶᠢ ᠬᠦᠨᠳᠦᠳᠭᠡᠵᠦ ᠬᠠᠥᠯᠢ ᠶᠢ ᠰᠠᠬᠢᠬᠤ ᠲᠠᠳᠬᠠᠯ ᠲᠠᠢ ᠪᠤᠯᠭᠠᠬᠤ ᠪᠠᠷ ᠰᠤᠷᠭᠠᠨ ᠬᠦᠮᠦᠵᠢᠭᠦᠯᠵᠦ᠂ ᠬᠠᠥᠯᠢ ᠴᠠᠭᠠᠵᠠ ᠶᠢᠨ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠴᠢᠩᠭᠠᠳᠬᠠᠬᠤ᠂ ᠨᠠᠰᠤᠨ ᠳᠤ ᠦᠯᠦ ᠬᠦᠷᠦᠭᠰᠡᠳ ᠤᠨ ᠰᠠᠶᠢᠨ ᠰᠠᠶᠢᠬᠠᠨ ᠵᠠᠩ ᠰᠤᠷᠳᠠᠯ ᠢ ᠬᠦᠮᠦᠵᠢᠭᠦᠯᠬᠦ᠂ ᠨᠠᠰᠤᠨ  ᠳᠤ ᠦᠯᠦ ᠬᠦᠷᠦᠭᠰᠡᠳ ᠤᠨ ᠬᠠᠥᠯᠢ ᠶᠢ ᠵᠦᠷᠢᠴᠡᠨ ᠶᠠᠯ᠎ᠠ ᠬᠢᠬᠦ ᠶᠢ ᠰᠡᠷᠭᠡᠶᠢᠯᠡᠬᠦ᠂ ᠨᠠᠰᠤᠨ ᠳᠤ ᠦᠯᠦ ᠬᠦᠷᠦᠭᠰᠡᠳ  ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠵᠡᠷᠭᠡ ᠲᠠᠯ᠎ᠠ ᠪᠠᠷ ᠬᠦᠨᠵᠡᠭᠡᠢ ᠶᠠᠷᠢᠯᠴᠠᠯᠭ᠎ᠠ ᠬᠢᠭᠰᠡᠨ ᠪᠠᠶᠢᠨ᠎ᠠ
微信图片_20220708090743.jpg
      ᠬᠦᠳᠡᠯᠬᠡᠬᠡᠨ ᠢᠶᠠᠷ ᠲᠠᠮᠵᠢᠨ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠨᠢ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠲᠠᠷᠠᠭᠠᠴᠢ ᠶᠢᠨ ᠠᠯᠬᠤᠮ ᠳᠤ ᠦᠯᠦ ᠬᠦᠷᠦᠭᠰᠡᠳ ᠳᠤ ᠨᠡᠩ ᠠᠮᠢᠳᠤᠯᠢᠭ ᠢᠶᠠᠷ ᠬᠠᠥᠯᠢ ᠴᠠᠭᠠᠵᠠ ᠶᠢᠨ ᠪᠤᠳᠠᠳᠦ ᠬᠡᠷᠡᠭ ᠤᠨ ᠵᠢᠱᠢᠶ᠎ᠡ ᠶᠢ ᠲᠦᠭᠡᠮᠡᠯᠵᠢᠭᠦᠯᠬᠦ ᠪᠠᠷ ᠲᠠᠮᠵᠢᠨ᠂ ᠬᠡᠥᠬᠡᠳ ᠪᠠᠭᠠᠴᠤᠳ ᠤᠨ ᠬᠠᠥᠯᠢ ᠰᠤᠷᠬᠤ᠂ ᠬᠠᠥᠯᠢ ᠶᠢ ᠡᠷᠬᠢᠮᠯᠡᠬᠦ᠂ ᠬᠠᠥᠯᠢ ᠶᠢ ᠬᠡᠷᠡᠭᠯᠡᠬᠦ ᠳᠤ ᠪᠤᠳᠠᠳᠦ ᠵᠢᠱᠢᠶ᠎ᠡ ᠶᠢ ᠬᠠᠩᠭᠠᠵᠦ᠂ ᠨᠠᠰᠤᠨ ᠳᠤ ᠦᠯᠦ ᠬᠦᠷᠦᠭᠰᠡᠳ ᠤᠨ ᠬᠠᠥᠯᠢ ᠶᠤᠰᠤ ᠪᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠨᠢ ᠲᠡᠭᠡᠭᠰᠢᠯᠡᠭᠦᠯᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠨᠢ ᠦᠨᠡᠨᠬᠦ ᠬᠠᠮᠠᠭᠠᠯᠠᠵᠦ᠂ ᠬᠠᠥᠯᠢ ᠪᠠᠷ ᠵᠠᠰᠠᠬᠤ᠂ ᠡᠶ᠎ᠡ ᠵᠤᠬᠢᠴᠠᠯᠳᠦ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠬᠦᠴᠦᠨ ᠨᠡᠷᠢᠯᠡᠬᠦ ᠪᠤᠯᠤᠨ᠎ᠠ᠃
微信图片_20220708090748.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号