ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠮᠤᠩᠭᠤᠯ ᠮᠤᠷᠢ︾ ᠬᠦᠶᠦᠬᠦ ᠪᠤᠯᠪᠠᠰᠤᠷᠠᠯ ᠤᠨ ᠪᠦᠯᠬᠦᠮ ᠤᠨ ᠬᠢᠨ70km ᠤᠨ ᠬᠦᠴᠦ ᠲᠠᠮᠵᠢᠭᠤᠯᠬᠤ ᠤᠷᠤᠯᠳᠤᠭᠠᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2022/8/16
      8 ᠰᠠᠷ᠎ᠠ ᠶᠢᠨ14 ᠤ ᠡᠳᠦᠷ᠂ ᠬᠤᠰᠢᠭᠤ ᠪᠠᠶᠢᠭᠤᠯᠤᠭᠳᠠᠭᠰᠠᠨ70 ᠵᠢᠯ ᠤᠨ ᠤᠢ ᠪᠠᠨ ᠪᠡᠯᠭᠡᠯᠡᠨ᠂ ᠨᠠᠮ  ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠪᠠᠶᠠᠷᠯᠠᠨ ᠤᠭᠳᠤᠵᠦ᠂ ᠦᠷᠭᠡᠨ ᠤᠯᠠᠨ ᠪᠡᠶ᠎ᠡ ᠲᠠᠮᠢᠷ ᠲᠤ ᠲᠤᠷ᠎ᠠ ᠪᠠᠬ᠎ᠠ ᠲᠠᠢ ᠬᠦᠮᠦᠰ ᠤᠨ ᠤᠷᠮ᠎ᠠ ᠵᠤᠷᠢᠭ ᠢ ᠬᠦᠭᠵᠢᠭᠡᠬᠦ ᠶᠢᠨ ᠲᠦᠯᠦᠭᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠮᠤᠩᠭᠤᠯ ᠮᠤᠷᠢ︾ ᠬᠦᠶᠦᠬᠦ ᠪᠤᠯᠪᠠᠰᠣᠷᠠᠯ ᠤᠨ ᠪᠦᠯᠬᠦᠮ ᠤᠨ  ᠬᠢᠨ70km ᠤᠨ ᠬᠦᠴᠦ ᠲᠠᠮᠵᠢᠭᠤᠯᠬᠤ ᠤᠷᠤᠯᠳᠤᠭᠠᠨ ᠡᠷᠬᠢᠯᠡᠨ ᠶᠠᠪᠤᠭᠳᠠᠭᠤᠯᠪᠠ᠃      70km ᠤᠨ ᠬᠦᠴᠦ ᠲᠠᠮᠵᠢᠭᠤᠯᠬᠤ ᠤᠷᠤᠯᠳᠤᠭᠠᠨ ᠳᠤ ᠡᠷᠡᠭᠳᠡᠢ ᠡᠮᠡᠭᠳᠡᠢ20 ᠬᠦᠮᠦᠨ ᠤᠷᠤᠯᠴᠠᠵᠦ᠂ ᠡᠨᠡᠬᠦ ᠤᠷᠤᠯᠳᠤᠭᠠᠨ ᠨᠢ ᠪᠡᠶ᠎ᠡ ᠪᠤᠯᠪᠠᠰᠤᠷᠠᠭᠴᠢᠳ ᠤᠨ ᠡᠷᠴᠢ ᠬᠦᠴᠦᠨ ᠪᠠ ᠪᠦᠯᠬᠦᠮᠳᠡᠯ ᠨᠦᠬᠦᠷᠯᠡᠯ ᠢ ᠬᠠᠷᠠᠭᠤᠯᠤᠨ ᠂ ᠪᠦᠬᠦ ᠠᠷᠠᠳ ᠢᠶᠠᠷ ᠢᠶᠠᠨ ᠪᠡᠶ᠎ᠡ ᠲᠠᠮᠢᠷ ᠤᠨ ᠬᠦᠳᠡᠯᠬᠡᠬᠡᠨ ᠳᠤ ᠢᠳᠡᠪᠬᠢᠯᠡᠨ ᠤᠷᠤᠯᠴᠠᠵᠦ᠂ ᠡᠷᠡᠭᠦᠯ ᠴᠢᠬᠢᠷᠠᠭ ᠠᠮᠢᠳᠤᠷᠠᠯ ᠢ ᠴᠤᠭᠴᠠᠯᠠᠬᠤ ᠵᠤᠷᠢᠭ ᠰᠠᠨᠠᠭ᠎ᠠ ᠶᠢ ᠪᠠᠳᠠᠷᠠᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号