ᠣᠯᠠᠭᠠᠨ ᠲᠤᠭ ᠮᠠᠯᠵᠢᠯ ᠤᠨ ᠲᠠᠯᠠᠪᠠᠢ ᠶᠢᠨ ᠤᠨᠴᠠᠯᠢᠭᠳᠦ ᠵᠢᠮᠢᠰ ᠤᠨ ᠬᠦᠷᠢᠶᠡᠯᠡᠩ ᠪᠠᠶᠠᠵᠢᠯ ᠤᠨ ᠰᠢᠨ᠎ᠡ ᠵᠠᠮ ᠢ ᠨᠡᠭᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2022/8/18
      ᠤᠯᠠᠭᠠᠨ ᠲᠤᠭ ᠮᠠᠯᠵᠢᠯ ᠤᠨ ᠲᠠᠯᠠᠪᠠᠢ ᠶᠢᠨ ᠤᠨᠴᠠᠯᠢᠭᠳᠦ ᠵᠢᠮᠢᠰ ᠤᠨ ᠬᠦᠷᠢᠶᠡᠯᠡᠩ ᠨᠢ ᠪᠠᠶ᠋ᠬᠠᠠᠤᠸᠠ ᠪᠠᠯᠭᠠᠰᠤᠨ ᠤ ᠤᠯᠠᠭᠠᠨᠬᠤᠳᠳᠤᠭ ᠭᠠᠴᠠᠭᠠᠨ ᠤ ᠤᠤᠯ ᠤᠨ ᠤᠯᠠᠭᠠᠨ ᠲᠤᠭ ᠮᠠᠯᠵᠢᠯ ᠤᠨ ᠲᠠᠯᠠᠪᠠᠢ ᠳᠤ ᠪᠠᠶᠢᠷᠢᠯᠠᠵᠦ ᠪᠠᠶᠢᠭ᠎ᠠ2018 ᠤᠨ ᠳᠤ ᠨᠡᠶᠢᠳᠡ100 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠤᠨ ᠪᠠᠶᠢᠭᠤᠯᠤᠭᠰᠠᠨ60 ᠮᠤ᠋ ᠲᠠᠯᠠᠪᠠᠢ ᠲᠠᠢ ᠲᠤᠭ ᠮᠠᠯᠵᠢᠯ ᠤᠨ ᠲᠠᠯᠠᠪᠠᠢ ᠶᠢᠨ ᠬᠦ᠋ ᠰᠢᠶᠠᠩ ᠶᠤᠸᠠᠨ ᠵᠢᠮᠢᠰ ᠤᠨ ᠬᠦᠷᠢᠶᠡᠯᠡᠩ ᠪᠤᠯᠤᠨ᠎ᠠ᠃
微信图片_20220818150047.jpg
      ᠤᠳᠤᠬᠠᠨ ᠳᠤ ᠭᠦᠢᠯᠡᠰᠦ᠂ ᠵᠢᠮᠢᠰ᠂ ᠠᠯᠢᠮ᠎ᠠ᠂ ᠦᠵᠦᠮ᠂ ᠲᠤᠯᠤᠨᠦ ᠵᠢᠷᠭᠤᠭᠠᠨ ᠶᠡᠭᠡ ᠲᠦᠷᠦᠯ ᠤᠨ20 ᠭᠠᠷᠤᠢ ᠵᠦᠢᠯ ᠤᠨ2000 ᠢᠯᠡᠭᠦᠦ ᠰᠠᠭᠤᠷᠢ ᠵᠢᠮᠢᠰ ᠤᠨ ᠮᠤᠳᠤ ᠲᠠᠢ ᠪᠠᠶᠢᠵᠦ᠂7 ᠰᠠᠷ᠎ᠠ ᠶᠢᠨ ᠡᠬᠢ ᠪᠠᠷ ᠤᠯᠠᠭᠠᠨ ᠬᠦᠢᠯᠡᠰᠦ᠂ ᠵᠢᠵᠢᠭ ᠠᠯᠮᠤᠷᠠᠳ᠂ ᠠᠯᠢᠮ᠎ᠠ ᠵᠡᠷᠭᠡ ᠨᠢ ᠪᠤᠯᠪᠠᠰᠤᠷᠠᠵᠦ᠂9 ᠰᠠᠷ᠎ᠠ ᠶᠢᠨ ᠰᠡᠭᠦᠯᠴᠢ10 ᠰᠠᠷ᠎ᠠ ᠶᠢᠨ ᠡᠬᠢ ᠪᠠᠷ ᠬᠢᠷᠠᠭᠤ ᠤᠨᠠᠭᠰᠠᠨ ᠤ ᠲᠠᠷᠠᠭ᠎ᠠ ᠲᠤᠯᠤᠨᠤ ᠵᠢᠮᠢᠰ ᠨᠢ ᠪᠤᠯᠪᠠᠰᠤᠷᠠᠭᠠᠳ ᠬᠤᠯᠠ ᠤᠶᠢᠷ᠎ᠠ ᠶᠢᠨ ᠬᠦᠮᠦᠰ ᠵᠢᠴᠢ ᠵᠤᠭᠠᠴᠠᠭᠰᠠᠳ ᠤᠨ ᠪᠠᠭ᠋ᠠᠷᠤᠯ ᠢ ᠲᠠᠳᠠᠵᠦ ᠪᠠᠶᠢᠳᠠᠭ᠃
微信图片_20220818150053.jpg
      ᠬᠦ᠋ ᠰᠢᠶᠠᠩ ᠶᠤᠸᠠᠨ ᠵᠢᠮᠢᠰ ᠤᠨ ᠬᠦᠷᠢᠶᠡᠯᠡᠩ ᠨᠢ ᠠᠵᠦ ᠠᠬᠤᠢ᠂ ᠮᠠᠯ ᠲᠡᠵᠢᠭᠡᠪᠦᠷᠢ᠂ ᠢᠳᠡᠰᠢᠨ ᠨᠤᠭᠤᠭ᠎ᠠ ᠲᠠᠷᠢᠬᠤ᠂ ᠬᠠᠭᠤᠴᠢᠨ ᠭᠡᠷ ᠪᠠᠶᠢᠰᠢᠩ ᠤᠨ ᠦᠭᠡᠷᠡᠴᠢᠯᠡᠯᠳᠡ ᠶᠢ ᠢᠳᠡᠪᠬᠢᠳᠡᠢ ᠬᠦᠭᠵᠢᠭᠦᠯᠵᠦ᠂ ︽ᠲᠠᠷᠢᠶᠠᠯᠠᠩ ᠤᠨ ᠲᠠᠯᠠᠪᠠᠢ᠂ ᠤᠨᠴᠠᠯᠢᠭᠳᠦ ᠢᠳᠡᠭᠡᠨ ᠤᠮᠳᠠᠭᠠᠨ᠂ ᠪᠠᠶᠢᠭᠠᠯᠢ ᠶᠢᠨ ᠰᠤᠷᠭᠠᠨ ᠬᠦᠮᠦᠵᠢᠯ ᠢ ᠪᠡᠶᠡᠴᠢᠯᠡᠨ ᠤᠶᠢᠯᠠᠭᠠᠬᠤ︾ ᠠᠵᠦ ᠦᠢᠯᠡᠰ ᠤᠨ ᠬᠡᠯᠬᠢᠶ᠎ᠡ ᠶᠢᠨ ᠵᠠᠭᠪᠤᠷ ᠢ ᠰᠦᠪᠡᠭᠴᠢᠯᠡᠭᠰᠡᠨ ᠠᠴᠠ ᠠᠭᠠᠵᠢᠮ ᠢᠶᠠᠷ ᠡᠯᠡᠰᠦᠨ ᠴᠦᠯ ᠤᠨ ᠬᠦᠨ  ᠳᠠᠬᠢ ᠰᠦᠯᠵᠢᠶᠡᠨ ᠤ ᠰᠤᠳᠤᠨ ᠴᠡᠭ ᠪᠤᠯᠵᠦ᠂2020 ᠤᠨ ᠳᠤ ᠦᠪᠡᠷᠳᠡᠭᠡᠨ ᠵᠠᠰᠠᠬᠤ ᠤᠷᠤᠨ ᠤ ᠲᠡᠰ ᠤᠨ ︽ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ︾ ᠪᠠᠷ ᠦᠨᠡᠯᠡᠭᠳᠡᠪᠡ᠃
微信图片_20220818150101.jpg
      ᠲᠠᠷᠠᠭᠠᠴᠢ ᠪᠠᠷ᠂ ᠤᠯᠠᠭᠠᠨ ᠲᠤᠭ ᠮᠠᠯᠵᠢᠯ ᠤᠨ ᠲᠠᠯᠠᠪᠠᠢ ᠶᠢᠨ ᠭᠦ᠋ ᠰᠢᠶᠠᠩ ᠶᠤᠸᠠᠨ ᠵᠢᠮᠢᠰ ᠤᠨ ᠬᠦᠷᠢᠶᠡᠯᠡᠩ  ᠨᠢ ᠨᠢᠭᠡ ᠲᠠᠯ᠎ᠠ ᠪᠠᠷ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡ ᠳᠤ ᠲᠦᠰᠢᠭᠯᠡᠨ᠂ ᠪᠢᠴᠢᠯ ᠡᠯᠧᠮᠧᠨ᠋ᠲ ᠡᠯᠪᠡᠭ ᠠᠭᠤᠯᠤᠭᠰᠠᠨ ᠴᠢᠨᠠᠷ ᠰᠠᠶᠢᠳᠠᠢ ᠵᠢᠮᠢᠰ ᠨᠤᠭᠤᠭ᠎ᠠ ᠶᠢᠨ ᠪᠡᠶ᠎ᠡ ᠪᠠᠨ ᠲᠠᠭᠠᠭᠠᠭᠰᠠᠨ ᠨᠡᠷᠡᠳᠦ ᠲᠡᠮᠳᠡᠭ ᠢ ᠡᠭᠦᠳᠦᠨ ᠪᠠᠶᠢᠭᠤᠯᠵᠦ᠂ ᠲᠡᠭᠡᠳᠦ ᠲᠡᠰ ᠤᠨ ᠵᠠᠬ᠎ᠠ ᠲᠡᠯᠬᠡᠭᠦᠷ ᠲᠤ ᠤᠷᠤᠭᠤᠯᠤᠨ᠂ ᠨᠦᠬᠦᠭᠡ ᠲᠠᠯ᠎ᠠ ᠪᠠᠷ ︽ᠲᠤᠭᠠᠴᠢᠯᠠᠭᠰᠠᠨ ᠲᠠᠷᠢᠶᠠᠯᠠᠩ ᠤᠨ ᠲᠠᠯᠠᠪᠠᠢ︾ ︽ᠬᠠᠮᠳᠦ  ᠪᠠᠷ ᠡᠳ᠋ᠯᠡᠬᠦ ᠲᠠᠷᠢᠶᠠᠯᠠᠩ ᠤᠨ ᠲᠠᠯᠠᠪᠠᠢ︾ ᠶᠢ ᠪᠦᠳᠦᠭᠡᠨ ᠪᠠᠶᠢᠭᠤᠯᠵᠦ᠂ ᠡᠷᠬᠢᠨ ᠲᠤᠭᠤᠷᠢᠨ ᠳᠠᠭᠠᠨ ᠨᠡᠷ᠎ᠡ ᠠᠯᠳᠠᠷᠰᠢᠭᠰᠠᠨ ᠰᠦᠯᠵᠢᠶᠡᠨ ᠤ ᠰᠤᠳᠤᠨ ᠴᠡᠭ ᠤᠨ ᠰᠠᠭᠤᠷᠢᠨ ᠭᠠᠵᠠᠷ ᠢ ᠴᠤᠭᠴᠠᠯᠠᠨ᠂ ᠰᠤᠶᠤᠯ ᠵᠢᠭᠤᠯᠴᠢᠯᠠᠯ᠂ ᠢᠳᠡᠭᠡᠨ ᠤᠮᠳᠠᠭᠠᠨ ᠠᠷᠠᠳ ᠤᠨ ᠤᠷᠤᠨ ᠰᠠᠭᠤᠴᠠ ᠶᠢᠨ ᠬᠠᠮᠳᠦ ᠶᠢᠨ ᠬᠦᠭᠵᠢᠯᠳᠡ ᠶᠢ ᠲᠠᠶᠢᠴᠢᠯᠠᠨ᠂ ᠤᠶᠢᠷ᠎ᠠ ᠬᠠᠪᠢ ᠶᠢᠨ ᠮᠠᠯᠴᠢᠳ ᠢᠶᠠᠨ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠦ᠂ ᠵᠢᠮᠢᠰ ᠤᠨ ᠬᠦᠷᠢᠶᠡᠯᠡᠩ ᠢᠶᠠᠨ ᠪᠠᠶᠠᠠᠬᠤᠸᠠ ᠪᠠᠯᠭᠠᠰᠤᠨ ᠤ ᠠᠮᠢ ᠠᠬᠤᠢ ᠶᠢᠨ ᠲᠠᠷᠢᠶᠠᠯᠠᠩ ᠢ ᠬᠦᠭᠵᠢᠬᠦᠯᠬᠦ ᠢᠷᠠᠭᠤ ᠰᠠᠶᠢᠬᠠᠨ ᠬᠠᠭᠤᠳᠠᠰᠦ ᠪᠤᠯᠭᠠᠬᠤ ᠪᠠᠷ ᠴᠢᠷᠮᠠᠶᠢᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号