ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠶᠠᠷᠢᠶ᠎ᠠ ᠢᠯᠡᠳᠭᠡᠯ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2022/8/19
      ᠰᠢ ᠶᠢᠨ ᠫᠢᠩ ᠶᠡᠷᠦᠩᠭᠡᠢ ᠱᠦᠵᠢ ᠶᠢᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠤᠯᠤᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠴᠤᠬᠤᠯᠠᠪᠤᠷᠢ  ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠦᠮᠦᠵᠢᠯ ᠢ ᠪᠠᠶᠢᠩᠭᠤᠵᠢᠭᠤᠯᠤᠨ ᠦᠷᠨᠢᠭᠦᠯᠵᠦ᠂ ᠪᠤᠭᠤᠳᠦ ᠬᠤᠳᠠ ᠶᠢᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠦ ᠶᠢ ᠬᠠᠮᠳᠦ ᠪᠠᠷ ᠪᠢᠴᠢᠭᠯᠡᠬᠦ ᠰᠠᠶᠢᠨ ᠰᠠᠶᠢᠬᠠᠨ ᠲᠦᠷᠰᠦ ᠪᠠᠶᠢᠳᠠᠯ ᠢ ᠪᠤᠯᠭᠠᠬᠤ ᠶᠢᠨ ᠲᠦᠯᠦᠭᠡ8 ᠰᠠᠷ᠎ᠠ ᠶᠢᠨ18 ᠤ ᠦᠳᠡ ᠶᠢᠨ ᠡᠮᠦᠨ᠎ᠡ᠂ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠶᠠᠷᠢᠶ᠎ᠠ ᠢᠯᠡᠳᠭᠡᠯ  ᠤᠨ ᠤᠷᠤᠯᠳᠤᠭᠠᠨ ᠬᠠᠮ ᠵᠢᠭᠤᠯᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠶᠠᠪᠤᠭᠳᠠᠪᠠ᠃
微信图片_20220819084730.jpg
      ᠲᠤᠰ ᠤᠳᠠᠭᠠᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠢ ᠬᠤᠰᠢᠭᠤ ᠨᠠᠮ ᠤᠨ ᠬᠤᠷᠢᠶᠠᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂9 ᠨᠡᠷᠡᠰ ᠤᠷᠤᠯᠴᠠᠭᠰᠠᠳ ︽ᠲᠤᠮᠳᠠᠳᠦ  ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪ ᠤᠨ ᠲᠤᠭᠤᠷᠢᠨ  ᠳᠤ ᠦᠪᠡᠷ ᠤᠨ ᠠᠵᠢᠯ ᠤᠨ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠵᠦ᠂ ᠨᠠᠮ ᠪᠤᠯᠤᠨ ᠤᠯᠤᠰ ᠢᠶᠠᠨ ᠬᠠᠶᠢᠷᠠᠯᠠᠬᠤ ᠰᠡᠳᠬᠢᠯᠬᠡ ᠪᠠᠨ ᠪᠤᠷᠤᠭᠵᠢᠭᠤᠨ ᠦᠬᠡ ᠶᠠᠷᠢᠶ᠎ᠠ ᠪᠠᠷ ᠲᠤᠮᠳᠠᠳᠦ ᠶᠢᠨ ᠦᠨᠳᠦᠰᠦᠳᠡᠨ ᠤ ᠪᠦᠯᠬᠦᠮᠳᠡᠨ ᠬᠠᠪᠰᠤᠷᠤᠯᠴᠠᠭᠰᠠᠨ ᠦᠯᠢᠭᠡᠷ ᠢ ᠶᠠᠷᠢᠵᠦ᠂ ᠰᠡᠳᠬᠢᠯ ᠬᠦᠳᠡᠯᠬᠡᠮ᠎ᠡ ᠦᠨᠳᠦᠰᠦᠳᠡᠨ ᠨᠦᠭᠦᠳ ᠤᠨ ᠬᠤᠪᠢ ᠵᠠᠶᠠᠭ᠎ᠠ  ᠪᠠᠨ ᠬᠠᠮᠳᠤᠳᠬᠠᠵᠦ᠂ ᠰᠡᠳᠬᠢᠯ ᠵᠢᠷᠦᠬᠡ ᠪᠠᠨ ᠬᠤᠯᠪᠤᠭᠰᠠᠨ ᠬᠦᠨ ᠵᠤᠵᠠᠭᠠᠨ ᠨᠦᠬᠦᠷᠯᠡᠯ ᠢ ᠢᠯᠡᠳᠭᠡᠵᠡᠢ᠃
微信图片_20220819084736.jpg
      ᠲᠤᠰ ᠣᠳᠠᠭᠠᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠢ ᠦᠷᠨᠢᠬᠦᠯᠬᠦ ᠪᠠᠷ ᠲᠠᠮᠵᠢᠨ᠂ ᠪᠦᠬᠦ ᠬᠤᠰᠢᠭᠤᠨ  ᠤ ᠺᠠᠳ᠋ᠷ ᠤᠯᠠᠨ ᠲᠦᠮᠡᠨ ᠤ ᠤᠶᠤᠨ ᠰᠠᠨᠠᠭᠠᠨ ᠤ ᠲᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠦᠨᠳᠦᠰᠦᠳᠡᠨ  ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯᠡᠩ᠂ ᠢᠳᠡᠭᠡᠯ ᠪᠢᠰᠢᠷᠡᠯ᠂ ᠬᠠᠶᠢᠷ᠎ᠠ ᠰᠡᠳᠭᠢᠯᠬᠡ᠂ ᠰᠤᠶᠤᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠠᠬ᠎ᠠ ᠲᠡᠭᠦᠦ ᠶᠢᠨ ᠬᠠᠶᠢᠷ᠎ᠠ ᠰᠡᠳᠬᠢᠯᠬᠡ ᠶᠢ ᠤᠯᠠᠮ ᠴᠢᠨᠠᠭᠰᠢᠳᠠ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠲᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠠᠶᠠᠷᠯᠠᠨ ᠤᠭᠳᠤᠭᠰᠠᠨ ᠪᠠᠶᠢᠨ᠎ᠠ᠃      ᠤᠷᠤᠯᠳᠤᠭᠠᠨ ᠤ ᠱᠠᠩᠨᠠᠯ ᠤᠯᠭᠤᠬᠤ ᠭᠤᠭᠴᠤᠭ᠎ᠠ ᠶᠢ9 ᠰᠠᠷ᠎ᠠ ᠶᠢᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ ᠶᠠᠪᠤᠭᠳᠠᠭᠤᠯᠵᠦ ᠪᠤᠯᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号