ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ32 ᠳ᠋ᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠦᠪᠡᠳᠡᠭᠰᠢ ᠶᠡᠭᠡ ᠪᠠᠷ ᠶᠠᠪᠤᠭᠳᠠᠯ᠎ᠠ
ᠨᠡᠶᠢᠲᠡᠯᠡᠭᠰᠡᠨ ᠴᠠᠭ᠄
2022/8/2
      8 ᠰᠠᠷ᠎ᠠ ᠶᠢᠨ1 ᠤ ᠤᠷᠤᠢ ᠶᠢᠨ20᠄00 ᠴᠠᠭ ᠲᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠲᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ32 ᠳ᠋ᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠦᠪᠡᠳᠡᠭᠰᠢ ᠶᠡᠭᠡ ᠪᠠᠷ ᠶᠠᠪᠤᠭᠳᠠᠭᠰᠠᠨ ᠪᠠᠶᠢᠨ᠎ᠠ᠃
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠠᠶᠢᠭᠤᠯᠤᠭᠳᠠᠭᠰᠠᠨ70 ᠵᠢᠯ ᠤᠨ ᠤᠢ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠪᠠᠶᠠᠷᠯᠠᠨ ᠪᠡᠯᠭᠡᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ32 ᠳ᠋ᠣᠭᠠᠷ ᠬᠤᠭᠤᠴᠠᠭᠠᠨ ᠤ ᠨᠡᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠨᠢ ︽ᠪᠠᠭᠠᠴᠤᠳ ᠬᠦᠴᠦᠷᠬᠡᠭᠵᠢᠪᠠᠯ ᠤᠯᠤᠰ ᠬᠦᠴᠦᠷᠬᠡᠭᠵᠢᠨ᠎ᠡ︾ ᠬᠡᠬᠦ ᠬᠤᠶᠠᠷ ᠵᠠᠭᠤ ᠭᠠᠷᠤᠢ ᠰᠤᠷᠤᠭᠴᠢᠳ ᠤᠨ ᠭᠤᠴᠤ ᠰᠠᠶᠢᠬᠠᠨ ᠲᠤᠭᠯᠠᠯᠳᠠ ᠪᠠᠷ ᠬᠦᠰᠢᠬᠡ ᠪᠠᠨ ᠰᠡᠬᠦᠵᠦ᠂ ︽ᠦᠵᠡᠰᠭᠦᠯᠡᠩᠳᠦ ᠰᠠᠶᠢᠬᠠᠨ ᠲᠤᠮᠳᠠᠳᠦ ᠤᠯᠤᠰ ᠤᠨ ᠠᠯᠬᠤᠭ᠎ᠠ︾᠂ ︽ᠮᠠᠨ ᠤ ᠬᠠᠮᠳᠦ  ᠶᠢᠨ ᠭᠡᠷ ᠪᠦᠯᠢ︾ ᠬᠡᠬᠦ ᠰᠤᠳᠤᠨ ᠰᠠᠶᠢᠬᠠᠨ ᠦᠵᠡᠭᠦᠯᠦᠯᠭᠡ᠂ ᠰᠤᠨᠢᠷᠬᠠᠯᠳᠦ ᠰᠠᠶᠢᠬᠠᠨ ᠲᠤᠭᠯᠠᠯᠳᠠ ᠪᠠᠷ ᠬᠦᠰᠢᠬᠡ  ᠪᠠᠨ ᠰᠡᠬᠦᠵᠦ᠂ ︽ᠦᠵᠡᠰᠭᠦᠯᠡᠩᠳᠦ ᠰᠠᠶᠢᠬᠠᠨ ᠲᠤᠮᠳᠠᠳᠦ ᠤᠯᠤᠰ ᠤᠨ ᠠᠯᠬᠤᠭ᠎ᠠ︾᠂ ︽ᠮᠠᠨ ᠤ ᠬᠠᠮᠳᠦ ᠶᠢᠨ ᠭᠡᠷ ᠪᠦᠯᠢ︾ ᠬᠡᠬᠦ ᠰᠤᠳᠤᠨ ᠰᠠᠶᠢᠬᠠᠨ ᠦᠵᠡᠭᠦᠯᠦᠯᠭᠡ᠂ ᠰᠤᠨᠢᠷᠬᠠᠯᠳᠦ ᠰᠠᠶᠢᠬᠠᠨ3D ᠬᠠᠷᠠᠭᠠᠨ ᠰᠠᠷᠠᠯ᠂ ᠰᠤᠩᠭᠤᠳᠠᠭ ᠪᠦᠵᠢᠭ ᠤᠨ ᠭᠤᠸ᠎ᠠ ᠰᠠᠶᠢᠬᠠᠨ᠂ ᠵᠢᠯᠤᠭᠤᠴᠢ ᠦᠬᠡᠢ ᠨᠢᠰᠭᠡᠯ ᠤᠨ ᠲᠤᠭᠯᠠᠯᠳᠠ᠂ ᠬᠤᠸ᠎ᠠ ᠫᠤᠤᠵᠢᠩ ᠤᠨ ᠲᠤᠭᠯᠠᠯᠳᠠ ᠵᠡᠷᠭᠡ ᠰᠢᠨ᠎ᠡ ᠶᠢ ᠡᠭᠦᠳᠬᠦ ᠬᠡᠯᠪᠡᠷᠢ ᠶᠢᠨ ᠭᠤᠴᠦ ᠰᠠᠶᠢᠬᠠᠨ ᠲᠤᠭᠯᠠᠯᠳᠠ ᠪᠠᠷ ᠢᠶᠠᠨ ᠨᠠᠭᠠᠳᠤᠮᠴᠢᠨ ᠣᠯᠠᠨ ᠢᠶᠠᠷ ᠢᠶᠠᠨ ᠪᠠᠶᠠᠰᠬᠠᠭᠰᠠᠨ ᠪᠠᠶᠢᠨ᠎ᠠ᠃
微信图片_20220809101044.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ32 ᠳ᠋ᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠨᠢ ᠨᠢᠭᠡ ᠭᠠᠷᠠᠭ ᠤᠨ ᠬᠤᠭᠤᠴᠠᠭ᠎ᠠ ᠲᠠᠢ ᠦᠷᠬᠦᠯᠵᠢᠯᠡᠵᠦ᠂ ︽ᠡᠷᠡᠮᠬᠡᠶᠢᠯᠡᠨ ᠲᠠᠪᠰᠢᠭᠰᠠᠨ ᠲᠠᠯᠠᠨ ᠵᠢᠯ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠬᠤ︾ ᠪᠠᠷ ᠭᠤᠤᠯ ᠰᠡᠳᠦᠪ ᠢᠶᠠᠨ ᠪᠤᠯᠭᠠᠵᠦ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠤᠷᠠᠨ ᠰᠠᠶᠢᠬᠠᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠲᠤᠭᠯᠠᠯᠳᠠ᠂ ᠬᠠᠮᠳᠤᠯᠢᠭ ᠤᠨ ᠲᠤᠰᠬᠠᠢ ᠲᠤᠭᠯᠠᠯᠳᠠ ᠵᠡᠷᠭᠡ ᠠᠯᠢ ᠤᠯᠠᠨ ᠰᠤᠶᠤᠯ ᠤᠨ ᠠᠵᠢᠯᠯᠠᠭ᠎ᠠ ᠵᠢᠴᠢ ᠤᠯᠠᠮᠵᠢᠯᠠᠯᠳᠦ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠰᠢᠷᠢᠰ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠭᠦᠯᠬᠦ ᠪᠠᠷ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号