ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠄ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ ᠯᠢᠶᠣᠤᠨᠢᠩ ᠤᠨ ᠮᠠᠨᠳᠤᠯᠲᠠ ᠬᠥᠭᠵᠢᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ
ᠨᠡᠶᠢᠲᠡᠯᠡᠭᠰᠡᠨ ᠴᠠᠭ᠄
2022/8/22
 微信图片_20220822154554.jpg
      8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ ᠬᠤᠳᠠ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠬᠦ ᠦᠶ᠎ᠠ ᠳᠡᠭᠡᠨ᠂ ᠠᠳᠡ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ ᠪᠠᠶᠢᠭᠰᠠᠨ ᠤᠯᠠᠨ ᠲᠦᠮᠡᠨ ᠲᠠᠢ ᠲᠤᠳᠤᠨᠤᠰᠤᠭ ᠢᠶᠠᠷ ᠶᠠᠷᠢᠯᠴᠠᠵᠤ ᠪᠠᠶᠢᠭ᠎ᠠ ᠨᠢ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ
微信图片_20220822154602.jpg
      8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠵᠦ ᠪᠠᠶᠢᠭ᠎ᠠ ᠨᠢ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠯᠢᠶᠣᠤᠨᠢᠩ ᠤᠨ ᠮᠠᠨᠳᠤᠯᠲᠠ ᠬᠥᠭᠵᠢᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃      8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠴᠢᠩ᠂ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠵᠢᠨᠵᠧᠦ᠂ ᠮᠦᠭᠳᠡᠨ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ ᠳᠤᠷᠠᠰᠬᠠᠯ ᠤᠨ ᠣᠷᠳᠣᠨ᠂ ᠭᠤᠤᠯ ᠮᠥᠷᠡᠨ ᠨᠠᠭᠤᠷ ᠪᠦᠷᠢᠳᠦ ᠶᠢ ᠵᠠᠰᠠᠬᠤ ᠢᠨᠵᠧᠨᠧᠷᠢᠩ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃      16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ ᠬᠤᠳᠠ ᠳᠤ ᠡᠩ ᠲᠡᠷᠢᠭᠦᠨ ᠳᠤ ᠯᠢᠶᠣᠤ ᠱᠧᠨ ᠤ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢᠶᠠᠷ ᠰᠢᠨᠵᠢᠯᠡᠨ ᠪᠠᠶᠢᠴᠠᠭᠠᠪᠠ᠃ 70 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠤᠨ ᠴᠡᠷᠢᠭ ᠠᠩᠬᠢ ᠶᠢ ᠵᠢᠯᠣᠭᠤᠳᠴᠤ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠪᠠ᠃ ᠰᠢ ᠶᠢᠨ ᠫᠢᠩ ᠣᠷᠣᠰᠢᠯ ᠲᠢᠩᠬᠢᠮ᠂ ᠳᠠᠶᠢᠯᠠᠯᠳᠤᠭᠠᠨ ᠤ ᠲᠡᠦᠬᠡ ᠶᠢᠨ ᠣᠷᠳᠣᠨ᠂ ᠡᠮᠦᠨ᠎ᠡ ᠹᠷᠣᠨᠲ ᠢ ᠲᠤᠰᠠᠯᠠᠭᠰᠠᠨ ᠣᠷᠳᠣᠨ᠂ ᠦᠷᠡᠭᠳᠡᠭᠰᠡᠨ ᠪᠠᠭᠠᠲᠤᠷᠴᠤᠳ ᠤᠨ ᠣᠷᠳᠣᠨ ᠢ ᠲᠠᠷᠠᠭᠠᠯᠠᠨ ᠲᠣᠭᠤᠷᠢᠨ ᠦᠵᠡᠵᠦ᠂ ᠵᠡᠭᠦᠨ ᠬᠤᠶᠢᠲᠤ ᠶᠢᠨ ᠴᠢᠯᠥᠭᠡᠯᠡᠬᠦ ᠳᠠᠶᠢᠨ ᠤ ᠲᠡᠦᠬᠡ ᠪᠣᠯᠤᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢᠨ ᠶᠠᠪᠤᠴᠠ ᠶᠢ ᠡᠷᠭᠢᠴᠡᠭᠦᠯᠵᠦ᠂ ᠥᠷᠭᠡᠨ ᠤᠯᠠᠨ ᠠᠷᠠᠳ ᠲᠦᠮᠡᠨ ᠤ ᠡᠮᠦᠨ᠎ᠡ ᠹᠷᠣᠨᠲ ᠢ ᠲᠤᠰᠠᠯᠠᠭᠰᠠᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠥᠷᠡᠭᠲᠡᠯ ᠰᠤᠶᠢᠲᠤᠯ ᠠᠴᠠ ᠠᠶᠤᠬᠤ ᠦᠭᠡᠢ ᠪᠠᠭᠠᠲᠤᠷᠯᠢᠭ ᠦᠢᠯᠡ ᠠᠵᠢᠯᠯᠠᠭ᠎ᠠ ᠶᠢ ᠰᠠᠨᠠᠭᠠᠯᠵᠠᠨ ᠡᠷᠭᠢᠴᠡᠭᠦᠯᠪᠡ᠃ ᠰᠢ ᠶᠢᠨ ᠫᠢᠩ᠂ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠨᠢ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠯᠠᠨ ᠠᠴᠠ ᠬᠡᠲᠦᠶᠢᠳᠦᠭᠰᠡᠨ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠤᠨ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠢ ᠭᠦᠶᠴᠡᠳ ᠢᠯᠡᠷᠡᠭᠦᠯᠪᠡ᠃ ᠴᠢᠯᠥᠭᠡᠯᠡᠬᠦ ᠲᠠᠶᠢᠨ ᠤ ᠦᠶ᠎ᠡ ᠳᠤ ᠮᠠᠨ ᠤ ᠨᠠᠮ ᠪᠣᠯᠤᠨ ᠭᠤᠮᠢᠨᠳᠠᠩ ᠤᠨ ᠬᠤᠭᠤᠷᠣᠨᠳᠣᠬᠢ ᠶᠡᠭᠡ ᠰᠢᠢᠳᠪᠦᠷᠢᠲᠦ ᠪᠠᠶᠢᠯᠳᠤᠭᠠᠨ ᠪᠣᠯ ᠴᠡᠷᠢᠭ ᠤᠨ ᠬᠦᠴᠦᠨ ᠵᠡᠪᠰᠡᠭ ᠤᠨ ᠬᠦᠴᠦᠨ ᠤ ᠪᠠᠶᠢᠯᠳᠤᠭᠠᠨ ᠪᠣᠯᠬᠤ ᠮᠥᠷᠲᠡᠭᠡᠨ ᠨᠡᠩ ᠴᠤ ᠠᠷᠠᠳ ᠤᠨ ᠰᠡᠳᠭᠢᠯ ᠢ ᠤᠯᠵᠤ ᠠᠯᠲᠠᠬᠤ ᠲᠤᠬᠠᠢ ᠲᠡᠮᠡᠴᠡᠯ ᠪᠣᠯᠬᠤ ᠶᠤᠮ᠃ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢ ᠵᠡᠭᠦᠨ ᠬᠤᠶᠢᠲᠤ ᠣᠷᠣᠨ ᠤ ᠠᠷᠠᠳ ᠲᠦᠮᠡᠨ ᠪᠦᠬᠦ ᠬᠦᠴᠦ ᠪᠠᠷ ᠢᠶᠠᠨ ᠲᠤᠰᠠᠯᠠᠵᠤ ᠪᠠᠶᠢᠭᠠᠳ ᠲᠡᠮᠡᠴᠡᠨ ᠣᠯᠤᠭᠰᠠᠨ ᠶᠤᠮ᠂ ᠬᠤᠸᠠᠢ ᠬᠠᠢ ᠶᠢᠨ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ ᠵᠢᠵᠢᠭ ᠵᠢᠳᠬᠦᠬᠦᠷ ᠲᠡᠷᠭᠡ ᠪᠠᠨ ᠲᠦᠯᠬᠢᠵᠦ ᠪᠠᠶᠢᠭᠠᠳ ᠲᠡᠮᠡᠴᠡᠨ ᠣᠯᠤᠭᠰᠠᠨ ᠶᠤᠮ᠂ ᠮᠥᠷᠡᠨ ᠭᠠᠲᠤᠯᠬᠤ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ ᠵᠢᠵᠢᠭ ᠣᠩᠭᠤᠴᠠ ᠪᠠᠨ ᠰᠡᠯᠢᠵᠦ ᠪᠠᠶᠢᠭᠠᠳ ᠲᠡᠮᠡᠴᠡᠨ ᠣᠯᠤᠭᠰᠠᠨ ᠶᠤᠮ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠲᠡᠷᠡ ᠨᠢ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠶᠢ ᠲᠣᠭᠲᠠᠭᠠᠳᠠᠭ᠃ ᠮᠠᠨ ᠤ ᠨᠠᠮ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠭᠢᠯ ᠵᠢᠷᠦᠬᠡ ᠪᠠᠨ ᠬᠤᠯᠪᠣᠳᠠᠭ ᠯᠠ ᠶᠤᠮ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠬᠦᠴᠦᠷᠬᠡᠭ ᠶᠡᠭᠡ ᠬᠦᠴᠦᠨ ᠢ ᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠨᠠᠮ ᠤᠨ ᠲᠡᠦᠬᠡ ᠶᠢ ᠰᠤᠷᠤᠯᠴᠠᠬᠤ ᠪᠣᠯ ᠨᠠᠮ ᠤᠨ ᠭᠡᠰᠢᠭᠦᠨ ᠨᠢᠭᠡ ᠪᠦᠷᠢ ᠶᠢᠨ ᠡᠭᠦᠷᠭᠡ ᠮᠥᠨ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠡᠦᠬᠡ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠ ᠪᠠᠶᠢᠩᠭᠤ ᠰᠤᠷᠬᠤ ᠬᠢᠴᠢᠶᠡᠯ ᠪᠣᠯᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠵᠡᠭᠦᠨ ᠬᠤᠶᠢᠲᠤ ᠣᠷᠣᠨ ᠤ ᠠᠷᠠᠳ ᠲᠦᠮᠡᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠪᠣᠯᠤᠨ ᠵᠡᠭᠦᠨ ᠬᠤᠶᠢᠲᠤ ᠣᠷᠣᠨ ᠤ ᠴᠢᠯᠥᠭᠡᠯᠡᠯᠲᠡ ᠶᠢᠨ ᠲᠥᠯᠥᠭᠡ ᠯᠤᠲᠤ ᠶᠡᠭᠡ ᠦᠷᠡᠭᠳᠡᠯ ᠭᠠᠷᠭᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠪᠣᠯᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠰᠠᠨ ᠲᠠᠶᠢᠨ ᠤ ᠢᠯᠠᠯᠲᠠ ᠶᠢ ᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠢ ᠨᠠᠮ ᠪᠣᠯᠤᠨ ᠠᠷᠠᠳ ᠲᠦᠮᠡᠨ ᠥᠨᠢ ᠡᠭᠦᠷᠢᠳᠡ ᠮᠠᠷᠲᠠᠬᠤ ᠦᠭᠡᠢ ᠶᠤᠮ᠃ ᠮᠠᠨ ᠤ ᠬᠤᠪᠢᠰᠬᠠᠯᠲᠤ ᠲᠦᠷᠦ ᠵᠠᠰᠠᠭ ᠢ ᠲᠦᠭ ᠲᠦᠮᠡᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠲᠥᠷᠥ ᠵᠠᠰᠠᠭ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠲᠠᠷᠤᠢ ᠲᠥᠷᠥ ᠵᠠᠰᠠᠭ ᠮᠦᠨ᠃ ᠪᠢᠳᠠ ᠲᠦᠷᠦ ᠵᠠᠰᠠᠭ ᠤᠨ ᠤᠢᠩᠭᠡ ᠬᠤᠪᠢᠷᠡᠬᠤ ᠶᠢ ᠣᠭᠲᠣ ᠵᠥᠪᠰᠢᠶᠡᠷᠡᠬᠦ ᠤᠢᠭᠡᠢ᠂ ᠠᠷᠠᠳ ᠲᠦᠮᠡᠨ ᠴᠦ ᠣᠭᠲᠣ ᠵᠥᠪᠰᠢᠶᠡᠷᠡᠬᠦ ᠤᠢᠭᠡᠢ᠃ ᠤᠰᠤ ᠶᠢ ᠨᠢ ᠤᠤᠭᠤᠪᠠᠯ ᠡᠬᠢ ᠶᠢ ᠨᠢ ᠮᠠᠷᠳᠠᠵᠤ ᠪᠤᠯᠬᠤ ᠦᠬᠡᠢ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠦᠶ᠎ᠡ ᠦᠶ᠎ᠡ ᠶᠢᠨ ᠬᠥᠮᠦᠰ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠮᠠᠨ ᠤ ᠤᠯᠤᠰ ᠲᠤ ᠲᠡᠭᠷᠢ ᠭᠠᠵᠠᠷ ᠢ ᠲᠤᠩᠰᠤᠯᠭᠠᠬᠰᠠᠨ ᠬᠤᠪᠢᠷᠠᠯᠲᠠ ᠭᠠᠷᠴᠤ᠂ ᠠᠷᠠᠳ ᠲᠦᠮᠡᠨ ᠪᠦᠬᠦ ᠲᠠᠯ᠎ᠠ ᠪᠠᠷ ᠴᠢᠨᠡᠭᠡᠯᠢᠭᠵᠢᠭᠰᠡᠨ ᠠᠮᠢᠳᠤᠷᠠᠯ ᠢ ᠡᠳ᠋ᠯᠡᠵᠦ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠦᠨᠳᠦᠰᠦᠲᠡᠨ ᠤ ᠳᠤᠮᠳᠠ ᠰᠡᠬᠦᠶᠢᠨ ᠰᠦᠨᠳᠡᠷᠯᠡᠪᠡ᠃ ᠪᠢᠳᠡ ᠦᠷᠭᠦᠯᠵᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠢᠷᠮᠠᠶᠢᠨ ᠪᠡᠶᠡᠯᠡᠭᠦᠯᠤᠨ᠂ ᠡᠭᠦᠨ ᠢᠶᠠᠷ ᠬᠤᠪᠢᠰᠬᠠᠯ ᠤᠨ ᠤᠷᠢᠳᠤᠰ ᠪᠣᠯᠤᠨ ᠦᠷᠡᠭᠳᠡᠭᠰᠡᠨ ᠪᠠᠭᠠᠲᠤᠷᠴᠤᠳ ᠢ ᠲᠠᠶᠢᠳᠬᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠢ ᠬᠠᠯᠠᠮᠵᠢᠯᠠᠵᠤ᠂ ᠠᠬᠠᠮᠠᠳ ᠪᠠᠶᠢᠯᠳᠤᠭᠴᠢ ᠠᠬᠠᠮᠠᠳ ᠨᠥᠬᠦᠳ ᠲᠤ ᠥᠲᠡᠯᠦᠭᠡ ᠨᠠᠰᠤᠨ ᠤ ᠵᠣᠯ ᠵᠢᠷᠭᠠᠯ ᠢ ᠡᠳ᠋ᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠳᠤ ᠨᠠᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠬᠡᠷᠡᠭᠲᠡᠢ᠃ ᠬᠤᠪᠢᠰᠬᠠᠯᠲᠤ ᠲᠦᠷᠦ ᠵᠠᠰᠠᠭ ᠬᠢᠯᠪᠠᠷ ᠪᠤᠰᠤ ᠪᠠᠷ ᠢᠷᠡᠭᠰᠡᠨ ᠶᠤᠮ᠂ ᠲᠥᠷᠥ ᠵᠠᠰᠠᠭ ᠢ ᠰᠠᠶᠢᠲᠤᠷ ᠰᠠᠬᠢᠬᠤ ᠬᠠᠷᠢᠭᠤᠴᠠᠯᠭ᠎ᠠ ᠬᠦᠨᠳᠦ ᠶᠡᠭᠡ ᠶᠤᠮ᠃ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯᠲᠤ ᠲᠦᠷᠦ ᠵᠠᠰᠠᠭ ᠢ ᠵᠠᠯᠭᠠᠮᠵᠢᠯᠠᠬᠤ ᠬᠥᠮᠦᠨ ᠲᠠᠢ᠂ ᠦᠶ᠎ᠡ ᠶᠢᠨ ᠦᠶ᠎ᠡ ᠳᠤ ᠤᠯᠠᠮᠵᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠢ ᠣᠷᠳᠣ ᠨᠠᠰᠤᠯᠠᠨ ᠤᠳᠠᠭᠠᠨ ᠵᠢᠷᠭᠠᠵᠤ᠂ ᠵᠣᠯ ᠵᠢᠷᠭᠠᠯ ᠲᠠᠢ ᠠᠮᠢᠳᠤᠷᠠᠵᠦ᠂ ᠶᠠᠪᠤᠳᠠᠯ ᠪᠦᠬᠦᠨ ᠤᠷᠤᠭᠰᠢᠲᠠᠶ ᠪᠤᠯᠳᠤᠭᠠᠢ︕ ᠬᠡᠵᠦ ᠵᠥᠩᠨᠡᠪᠡ᠃      ᠲᠠᠷᠠᠭ᠎ᠠ ᠨᠢ᠂ ᠰᠢ ᠶᠢᠨ ᠫᠢᠩ ᠵᠢᠨᠵᠧᠦ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠬᠦᠷᠴᠦ᠂ ᠲᠤᠬᠠᠢ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠴᠢᠩᠭᠠᠳᠬᠠᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃ ᠴᠡᠴᠡᠷᠯᠢᠭ ᠨᠢ ᠰᠢᠶᠣᠤ ᠯᠢᠩ ᠾᠧ ᠭᠤᠤᠯ ᠪᠠ ᠨᠢᠤᠢ ᠡᠯ ᠾᠧ ᠭᠤᠤᠯ ᠤᠨ ᠠᠭᠤᠯᠵᠠᠷ ᠤᠨ ᠬᠤᠶᠢᠲᠤ ᠲᠠᠯ᠎ᠠ ᠳᠤ ᠪᠠᠶᠢᠷᠢᠯᠠᠵᠦ ᠪᠤᠢ᠃ 2014 ᠣᠨ ᠠᠴᠠ ᠡᠬᠢᠯᠡᠨ᠂ ᠵᠢᠨᠵᠧᠦ ᠬᠤᠳᠠ ᠬᠤᠶᠠᠷ ᠭᠤᠣᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠠᠮᠲᠤ ᠭᠤᠣᠯ ᠳᠠᠭᠠᠤ 10 ᠭᠠᠷᠤᠢ ᠺᠢᠯᠤᠮᠧᠲᠷ ᠤᠨ ᠨᠣᠭᠤᠭᠠᠷᠠᠭᠤᠯᠤᠯᠲᠠ ᠶᠢᠨ ᠪᠦᠰᠡ ᠶᠢ ᠪᠠᠶᠢᠭᠤᠯᠵᠤ᠂ ᠭᠤᠣᠯ ᠳᠠᠭᠠᠤ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠲᠤᠭᠤᠷᠢᠬᠤ ᠪᠦᠰᠡᠯᠢᠭ ᠴᠡᠴᠡᠷᠯᠢᠭ ᠢ ᠪᠦᠷᠢᠯᠳᠦᠭᠦᠯᠪᠡ᠃ ᠰᠢ ᠶᠢᠨ ᠫᠢᠩ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠪᠣᠯ ᠵᠡᠭᠦᠨ ᠬᠤᠶᠢᠲᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠬᠢᠮ ᠨᠠᠨᠳᠢᠨ ᠡᠬᠢ ᠪᠠᠶᠠᠯᠢᠭ ᠮᠥᠨ᠂ ᠪᠠᠰᠠ ᠴᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡᠨ ᠳᠠᠪᠠᠭᠤᠯᠢᠭ ᠮᠥᠨ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠮᠢ ᠠᠬᠤᠢ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠦᠢᠯᠡᠳᠭᠡᠯ᠂ ᠬᠤᠳᠠ ᠶᠢᠨ ᠬᠥᠭᠵᠢᠯᠲᠡ᠂ ᠠᠷᠠᠳ ᠲᠦᠮᠡᠨ ᠤ ᠠᠮᠢᠳᠤᠷᠠᠯ ᠵᠡᠷᠭᠡ ᠡᠯ᠎ᠡ ᠲᠠᠯ᠎ᠠ ᠳᠤ ᠲᠤᠭᠤᠰᠢᠯᠠᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠲᠡᠭ᠂ ᠡᠨᠡ ᠲᠠᠯ᠎ᠠ ᠪᠠᠷ ᠠᠷᠠᠳ ᠣᠯᠠᠨ ᠤ ᠤᠯᠤᠯᠳᠠ ᠲᠥᠷᠥᠭᠳᠡᠯ ᠴᠦ ᠬᠠᠮᠤᠭ ᠤᠨ ᠭᠦᠨᠵᠡᠭᠡᠶ ᠶᠤᠮ᠃ ᠠᠭᠤᠯᠠ᠂ ᠤᠰᠤ᠂ ᠬᠤᠳᠠ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠳᠠ ᠶᠢᠨ ᠦᠢᠯᠡᠳᠪᠦᠷᠢᠯᠡᠯ ᠤᠨ ᠣᠷᠣᠨ ᠵᠠᠢ᠂ ᠠᠮᠢᠳᠤᠷᠠᠯ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠥᠯᠥᠪᠵᠢᠭᠦᠯᠵᠦ᠂ ᠤᠯᠠᠨ ᠲᠦᠮᠡᠨ ᠳᠤ ᠲᠤᠭᠤᠷᠢᠵᠤ ᠰᠡᠯᠡᠭᠦᠴᠡᠬᠦ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠤᠯᠠᠨ ᠨᠡᠶᠢᠲᠡ ᠶᠢᠨ ᠲᠠᠯᠠᠪᠤᠷ ᠢ ᠢᠯᠡᠭᠦᠬᠡᠨ ᠪᠦᠲᠦᠬᠡᠨ ᠪᠠᠶᠢᠭᠤᠯᠵᠤ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ ᠲᠤᠬᠠᠢ ᠶᠢᠨ ᠲᠠᠯᠠᠪᠠᠢ ᠳᠤ ᠯᠢᠶᠣᠤᠨᠢᠩ ᠮᠤᠵᠢ ᠶᠢᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠨᠡ ᠵᠢᠯ ᠤᠮᠠᠷᠠᠲᠤ ᠣᠷᠣᠨ ᠳᠤ ᠪᠣᠷᠣᠭᠠᠨ ᠬᠤᠷ᠎ᠠ ᠨᠡᠯᠢᠶᠡᠳ ᠡᠯᠪᠡᠭ᠂ ᠦᠶᠡᠷ ᠤᠨ ᠬᠤᠭᠤᠴᠠᠭ᠎ᠠ ᠳᠤ ᠤᠷᠤᠭᠰᠠᠨ ᠠᠴᠠ ᠨᠠᠭᠠᠰᠢ ᠯᠢᠶᠣᠤᠨᠢᠩ ᠳᠤ ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠲᠠᠷᠢᠶ᠎ᠠ ᠲᠦᠮᠦᠰᠦ ᠬᠤᠬᠢᠷᠠᠵᠤ᠂ ᠣᠯᠠᠨ ᠲᠦᠮᠡᠨ ᠤ ᠡᠳ᠋ ᠬᠥᠷᠥᠩᠭᠡ ᠬᠤᠬᠢᠷᠠᠯ ᠳᠤ ᠤᠴᠠᠷᠠᠪᠠ᠃ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ ᠂ ᠭᠠᠮᠰᠢᠭ ᠠᠴᠠ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ 20 ᠲᠦᠮᠡ ᠰᠢᠬᠠᠮ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠢᠳᠡᠬᠦ ᠬᠤᠭᠤᠯᠠ ᠲᠠᠢ᠂ ᠡᠮᠦᠰᠭᠦ ᠬᠤᠪᠴᠠᠰᠤ ᠲᠠᠢ᠂ ᠤᠤᠭᠤᠬᠤ ᠴᠡᠪᠡᠷ ᠤᠰᠤ ᠲᠠᠢ᠂ ᠲᠦᠷ ᠴᠠᠭ ᠤᠨ ᠠᠮᠤᠷ ᠲᠦᠪᠰᠢᠨ ᠰᠠᠭᠤᠬᠤ ᠭᠠᠵᠠᠷ ᠲᠠᠢ᠂ ᠡᠪᠡᠳᠴᠢᠨ ᠢᠶᠠᠨ ᠴᠠᠭ ᠲᠤᠬᠠᠢ ᠳᠤᠨᠢ ᠡᠮᠨᠡᠭᠦᠯᠵᠦ ᠳᠡᠶᠢᠯᠬᠦ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠤ ᠲᠥᠪᠬᠢᠨᠡᠭᠦᠯᠦᠭᠰᠡᠨ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ᠂ 8 ᠰᠠᠷ᠎ᠠ ᠪᠣᠯ ᠮᠦᠨ ᠴᠤ ᠤᠮᠠᠷᠠᠲᠤ ᠣᠷᠣᠨ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠤᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠤᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠸ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠭᠠᠮᠰᠢᠭᠳᠠᠭᠰᠠᠨ ᠣᠯᠠᠨ ᠲᠦᠮᠡᠨ ᠢ ᠲᠤᠬᠢᠳᠠᠢ ᠲᠥᠪᠬᠢᠨᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠨᠢ ᠡᠷᠲᠡᠬᠡᠨ ᠰᠡᠷᠭᠦᠭᠡᠬᠦ ᠬᠡᠷᠡᠭᠲᠡᠢ᠃ ᠪᠠᠶᠢᠭᠤᠯᠤᠮᠵᠢ ᠲᠣᠭᠲᠡᠴᠡ ᠶᠢ ᠪᠦᠷᠢᠨᠰᠢᠬᠦᠯᠵᠤ᠂ ᠠᠷᠭᠠᠴᠡᠭᠠᠬᠤ ᠲᠥᠰᠦᠯ ᠢ ᠲᠡᠭᠦᠯᠳᠡᠷᠵᠢᠭᠦᠯᠵᠦ᠂ ᠬᠠᠴᠢᠨ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ ᠪᠠᠨ ᠴᠢᠩᠭᠠᠳᠬᠠᠵᠤ᠂ ᠦᠶᠡᠷ ᠤᠰᠤᠲᠤᠯ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠡᠭᠠᠨ ᠠᠶᠤᠯ ᠠᠴᠠ ᠠᠪᠤᠷᠠᠵᠤ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠵᠠᠷᠢᠮ ᠭᠠᠵᠠᠷ ᠣᠷᠣᠨ ᠬᠦᠨᠳᠦ ᠨᠣᠴᠢᠲᠠᠢ ᠭᠠᠩ ᠬᠠᠭᠰᠠᠷᠠᠭᠠᠨ ᠲᠣᠬᠢᠶᠠᠯᠳᠤᠪᠠ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃      ᠳ᠋ᠦᠩ ᠬᠤ᠋ ᠰᠣᠶᠣᠯ ᠤᠨ ᠠᠭᠤᠳᠠᠮ ᠲᠠᠯᠠᠪᠠᠢ ᠳᠤ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ ᠪᠠᠶᠢᠭᠰᠠᠨ ᠤᠯᠠᠨ ᠲᠦᠮᠡᠨ ᠶᠡᠷᠦᠩᠬᠡᠢ ᠱᠦᠵᠢ ᠶᠢᠨ ᠢᠷᠡᠭᠰᠡᠨ ᠢ ᠦᠵᠡᠭᠡᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠠᠭᠠᠵᠤ ᠪᠠᠶᠢᠯ᠎ᠠ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠂ ᠵᠥᠪᠬᠡᠨ ᠴᠥᠭᠡᠨ ᠲᠣᠭᠠᠨ ᠤ ᠬᠥᠮᠦᠰ ᠪᠠᠶᠠᠵᠢᠬᠤ ᠶᠠᠪᠤᠳᠠᠯ ᠪᠢᠰᠢ᠂ ᠬᠠᠷᠢᠨ ᠪᠦᠬᠦ ᠠᠷᠠᠳ ᠲᠦᠮᠡᠨ ᠬᠠᠮᠲᠤ ᠪᠠᠷ ᠪᠠᠶᠠᠵᠢᠬᠤ ᠶᠠᠪᠤᠳᠠᠯ ᠮᠥᠨ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠰᠠᠶᠢᠲᠤᠷ ᠬᠡᠷᠡᠭᠯᠡᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠠᠷᠠᠳ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ ᠭᠦᠨᠵᠡᠭᠡᠶᠢᠷᠡᠬᠦᠯᠵᠦ ᠠᠬᠢᠭᠤᠯᠪᠠ᠂ ᠪᠢᠳᠡ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠤ ᠪᠥᠬᠦ ᠲᠠᠯ᠎ᠠ ᠪᠠᠷ ᠬᠥᠭᠵᠢᠨ ᠮᠠᠨᠳᠤᠬᠤ ᠳᠤ ᠢᠲᠡᠭᠡᠯ ᠳᠦᠭᠦᠷᠡᠩ ᠪᠠᠶᠢᠨ᠎ᠠ᠂ ᠪᠠᠰᠠ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠵᠢᠨᠵᠧᠦ ᠪᠣᠯ ᠪᠠᠭᠠᠲᠤᠷᠯᠢᠬ ᠬᠤᠳᠠ ᠪᠣᠯᠬᠤ ᠪᠥᠭᠡᠳ ᠥᠪᠡᠷᠮᠢᠴᠡ ᠰᠣᠶᠣᠯ ᠤᠨ ᠬᠡᠪ ᠨᠠᠮᠪᠠ ᠪᠠ ᠭᠦᠨ ᠵᠤᠵᠠᠭᠠᠨ ᠲᠡᠦᠬᠡ ᠰᠣᠶᠣᠯ ᠤᠨ ᠤᠤᠷ ᠲᠤᠨᠳᠠᠰᠤ ᠲᠠᠢ ᠬᠤᠳᠠ ᠶᠤᠮ᠃ ᠴᠡᠭᠴᠡᠯᠡᠨ ᠵᠠᠰᠠᠬᠤ ᠪᠠᠷ ᠲᠠᠮᠵᠢᠨ᠂ ᠠᠳᠡᠬᠢ ᠠᠮᠢ ᠠᠬᠤᠢ ᠣᠷᠴᠢᠨ ᠲᠣᠭᠤᠷᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠤᠯᠠᠨ ᠢᠶᠠᠷ ᠢᠶᠠᠨ ᠠᠮᠢ ᠠᠬᠤᠢ ᠶᠢ ᠬᠠᠮᠠᠭᠠᠯᠠᠬᠤ᠂ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠨᠤᠲᠤᠭ ᠤᠨ ᠠᠬ᠎ᠠ ᠳᠡᠭᠦᠦ ᠨᠡᠷ ᠤᠨ ᠬᠤᠶᠢᠰᠢᠳᠠ ᠶᠢᠨ ᠠᠮᠢᠳᠤᠷᠠᠯ ᠨᠡᠩ ᠵᠣᠯ ᠵᠢᠷᠭᠠᠯ ᠲᠠᠢ ᠨᠡᠩ ᠰᠠᠶᠢᠨ ᠰᠠᠶᠢᠬᠠᠨ ᠪᠣᠯᠬᠤ ᠶᠢ ᠵᠥᠩᠨᠡᠶ᠎ᠡ ᠭᠡᠵᠤ ᠲᠤᠳᠤᠨᠤᠰᠤᠭ ᠢᠶᠠᠷ ᠬᠡᠯᠡᠵᠠᠢ᠃      ᠰᠢ ᠶᠢᠨ ᠫᠢᠩ 17 ᠤ ᠡᠳᠦᠷ ᠮᠦᠭᠳᠡᠨ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠲᠡᠷᠡ ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠳᠤ ᠬᠦᠷᠪᠡ᠃ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ ᠯᠢᠶᠣᠤᠨᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠭᠰᠡᠨ ᠪᠥᠭᠡᠳ ᠰᠢᠨ ᠰᠦᠩ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠠᠰᠤᠭ ᠲᠤ᠂ ᠠᠵᠤ ᠦᠶᠯᠡᠳᠪᠦᠷᠢ ᠶᠢᠨ ᠮᠠᠰᠢᠨ ᠬᠥᠮᠦᠨ᠂ ᠬᠠᠮᠵᠢᠯᠴᠠᠵᠦ ᠲᠡᠶᠢᠯᠬᠦ ᠮᠠᠰᠢᠨ ᠬᠥᠮᠦᠨ᠂ ᠣᠨᠴᠠ ᠲᠥᠷᠥᠯ ᠤᠨ ᠮᠠᠰᠢᠨ ᠬᠥᠮᠦᠨ ᠵᠡᠷᠭᠡ ᠶᠢ ᠶᠠᠭ ᠰᠢᠯᠭᠠᠨ ᠪᠠᠶᠢᠴᠠᠭᠠᠵᠤ ᠪᠠᠶᠢᠪᠠ᠃ ᠰᠢ  ᠶᠢᠨ ᠫᠢᠩ ᠮᠡᠷᠭᠡᠵᠢᠯ ᠤᠨ ᠠᠵᠢᠯᠳᠠᠨ ᠪᠣᠯᠤᠨ ᠠᠵᠤ ᠠᠬᠤᠶᠢᠯᠠᠯ ᠤᠨ ᠠᠵᠢᠯᠳᠠᠨ ᠠᠴᠠ ᠠᠵᠤ ᠠᠬᠤᠶᠢᠯᠠᠯ ᠤᠨ ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠪᠠ ᠠᠵᠤ ᠦᠢᠯᠡᠰᠵᠢᠭᠰᠡᠨ ᠬᠥᠭᠵᠢᠯᠲᠡ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠰᠢᠨ ᠰᠦᠩ ᠺᠣᠮᠫᠠᠨᠢ ᠳᠤᠮᠳᠠᠳᠤ ᠤᠯᠤᠰ ᠤᠨ ᠬᠤᠷᠳᠤᠴᠠ᠂ ᠳᠤᠮᠳᠠᠳᠤ ᠤᠯᠤᠰ ᠤᠨ ᠲᠦᠪᠰᠢᠨ ᠢ ᠢᠯᠡᠷᠡᠭᠦᠯᠵᠡᠢ ᠭᠡᠵᠤ ᠢᠯᠡᠳᠭᠡᠪᠡ᠃      ᠦᠢᠯᠡᠳᠪᠦᠷᠢ ᠶᠢᠨ ᠲᠠᠰᠤᠬ ᠤᠨ ᠭᠠᠳᠠᠨ᠎ᠠ᠂ ᠠᠵᠤ ᠠᠬᠤᠶᠢᠯᠠᠯ ᠤᠨ ᠠᠵᠢᠯᠳᠠᠨ ᠤ ᠲᠥᠯᠥᠭᠡᠯᠡᠭᠴᠢ ᠬᠦᠷᠢᠶᠡᠯᠡᠨ ᠵᠤᠬᠰᠤᠵᠦ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠣᠨᠴᠠᠭᠠᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠣᠷᠴᠢᠨ ᠨᠦᠬᠦᠴᠡᠯ ᠤᠨ ᠪᠠᠶᠢᠭᠤᠯᠤᠯᠲᠠ ᠶᠢ ᠣᠨᠴᠠᠭᠠᠢ ᠴᠢᠬᠤᠯᠠᠴᠢᠯᠠᠵᠤ᠂ ᠮᠠᠨ ᠤ ᠤᠯᠤᠰ ᠤᠨ ᠠᠵᠤ ᠦᠢᠯᠡᠰ ᠤᠨ ᠲᠦᠪᠰᠢᠨ ᠪᠣᠯᠤᠨ ᠪᠣᠳᠠᠲᠤ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠲᠤᠮᠤ ᠤᠯᠤᠰ ᠠᠴᠠ ᠠᠵᠤ ᠠᠬᠤᠢ ᠶᠢᠨ ᠬᠦᠴᠦᠷᠬᠡᠭ ᠤᠯᠤᠰ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠲᠡᠶᠢᠰᠢ ᠬᠤᠪᠢᠷᠠᠬᠤ ᠶᠢ ᠠᠬᠢᠭᠤᠯᠪᠠ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠬᠠᠮᠠᠭᠠᠯᠠᠬᠤ ᠦᠵᠡᠯ ᠴᠤᠬᠤᠶᠢᠵᠤ ᠪᠠᠶᠢᠨ᠎ᠠ᠂ ᠭᠡᠪᠡᠴᠦ ᠪᠢᠳᠡ ᠡᠭᠦᠳᠡ ᠪᠠᠨ ᠨᠡᠭᠡᠭᠡᠵᠦ ᠪᠦᠳᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠬᠤ ᠬᠡᠷᠡᠭᠲᠡᠢ ᠃ ᠮᠠᠨ ᠤ ᠤᠯᠤᠰ ᠤᠨ ᠬᠥᠭᠵᠢᠯᠲᠡ ᠯᠠᠪᠳᠠᠭᠤᠨ ᠪᠠᠲᠤᠲᠠᠢ ᠪᠠᠶᠢᠵᠤ᠂ ᠠᠯᠬᠤᠮ ᠠᠯᠬᠤᠮ ᠢᠶᠠᠷ ᠤᠷᠤᠭᠰᠢᠯᠠᠬᠤ ᠮᠥᠷᠲᠡᠭᠡᠨ ᠪᠠᠰᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠬᠡᠷᠡᠭᠲᠡᠢ᠃ ᠴᠠᠭ ᠮᠦᠴᠡ ᠲᠠᠢ ᠤᠷᠤᠯᠳᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠦᠷᠯᠦᠭᠡ ᠦᠳᠡᠰᠢ ᠶᠢ ᠲᠡᠮᠡᠴᠡᠨ ︽ᠪᠣᠭᠤᠮᠢ︾ ᠠᠰᠠᠭᠤᠳᠠᠯ ᠢ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠤᠨ ᠲᠣᠨᠣᠭᠯᠠᠯ ᠦᠢᠯᠡᠳᠬᠦ ᠦᠢᠯᠡᠰ ᠢ ᠥᠪᠡᠷ ᠤᠨ ᠭᠠᠷ ᠲᠠᠭᠠᠨ ᠡᠵᠡᠮᠰᠢᠬᠦ ᠪᠠᠷ ᠴᠢᠷᠮᠠᠶᠢᠬᠤ ᠬᠡᠷᠡᠭᠲᠡᠢ᠃ ᠵᠠᠯᠠᠭᠤᠴᠤᠳ ᠴᠤᠭ ᠵᠤᠯᠢ ᠪᠠᠳᠠᠷᠠᠩᠭᠤᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠵᠤ᠂ ᠵᠠᠯᠠᠭᠤᠴᠤᠳ ᠤᠨ ᠰᠢᠨ᠎ᠡ ᠶᠢ ᠡᠭᠦᠳᠴᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠡᠳᠡᠨ ᠤ ᠡᠯ᠎ᠡ ᠬᠦᠷᠢᠶᠡᠨ ᠳᠤ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠳᠠᠷᠠᠭ᠎ᠠ ᠨᠢ ᠬᠤᠸᠠᠩᠭᠦ᠋ ᠲᠣᠭᠤᠷᠢᠭ ᠤᠨ ᠰᠠᠨ ᠲᠠᠢ ᠽᠢ ᠵᠡᠭᠡᠯᠢ ᠭᠤᠳᠤᠮᠵᠢ ᠶᠢᠨ ᠮᠦᠳᠠᠨ ᠨᠡᠶᠢᠭᠡᠮ ᠲᠣᠭᠤᠷᠢᠭ ᠲᠤ ᠬᠦᠷᠪᠡ᠃ ᠲᠤᠰ ᠨᠡᠶᠢᠭᠡᠮ ᠲᠣᠭᠤᠷᠢᠭ ᠨᠢ ᠳᠡᠭᠡᠷ᠎ᠡ ᠵᠠᠭᠤᠨ ᠤ ᠨᠠᠶᠠᠭᠠᠳ ᠣᠨ ᠳᠤ ᠪᠠᠶᠢᠭᠤᠯᠤᠭᠳᠠᠵᠤ᠂ 3000 ᠭᠠᠷᠤᠢ ᠡᠷᠦᠬᠡ ᠰᠠᠭᠤᠭᠠᠯᠢ ᠠᠷᠠᠳ ᠲᠠᠢ ᠪᠠᠶᠢᠵᠤ᠂ ᠤᠢᠢᠷ᠎ᠠ ᠶᠢᠨ ᠵᠢᠯ ᠠᠴᠠ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠦᠢᠯᠡᠴᠢᠯᠡᠭᠡ ᠰᠠᠶᠢᠵᠢᠷᠠᠭᠰᠠᠨ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠪᠣᠯᠵᠠᠢ᠃ ᠰᠢ ᠶᠢᠨ ᠫᠢᠩ ᠤᠷᠢᠳ ᠬᠤᠵᠢᠳ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠤᠯᠠᠨ ᠲᠦᠮᠡᠨ ᠤ ᠠᠵᠢᠯᠯᠠᠭᠠᠨ ᠤ ᠲᠥᠪ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠳᠠᠨ᠂ ᠵᠣᠯ ᠵᠢᠷᠭᠠᠯ ᠤᠨ ᠬᠥᠮᠦᠵᠢᠯ ᠤᠨ ᠬᠢᠴᠢᠶᠡᠯ ᠤᠨ ᠲᠠᠩᠬᠢᠮ ᠤᠨ ᠪᠠᠭᠰᠢ ᠰᠤᠷᠤᠬᠴᠢ ᠪᠣᠯᠤᠨ ᠨᠠᠰᠤᠲᠠᠶᠢᠴᠤᠤᠯ ᠰᠠᠶᠢᠨ ᠳᠤᠷᠠᠴᠤᠳ ᠠᠴᠠ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠤᠭᠰᠠᠨ᠂ ᠠᠷᠠᠳ ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠨᠠᠰᠤᠲᠠᠶᠢᠴᠤᠳ ᠤᠨ ᠬᠤᠭᠤᠯᠠᠨ ᠭᠡᠷ ᠲᠤ᠂ ᠰᠢ ᠶᠢᠨ ᠫᠢᠩ ᠬᠤᠭᠤᠯᠠ ᠪᠠᠨ ᠢᠳᠡᠵᠦ ᠪᠠᠶᠢᠬᠰᠠᠨ ᠨᠠᠰᠤᠲᠠᠶᠢᠴᠤᠳ ᠠᠴᠠ ᠬᠤᠭᠤᠯᠠ ᠨᠢ ᠦᠨᠡᠲᠡᠢ ᠪᠠᠶᠢᠬᠤ ᠡᠰᠡᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠰᠠᠶᠢᠨ ᠪᠠᠶᠢᠬᠤ ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃      ᠰᠢ ᠶᠢᠨ ᠫᠢᠩ ᠰᠠᠭᠤᠭᠠᠯᠢ ᠠᠷᠠᠳ ᠯᠢ ᠱᠦᠶ ᠶᠢᠨ ᠬᠡᠷ ᠲᠤ ᠬᠦᠷᠴᠦ᠂ ᠲᠣᠭᠤᠭᠠᠨ ᠬᠡᠷ᠂ ᠵᠤᠷᠯᠤᠩ᠂ ᠤᠨᠲᠠᠯᠭ᠎ᠠ ᠶᠢᠨ ᠥᠷᠥᠭᠡ ᠵᠡᠷᠭᠡ ᠶᠢ ᠨᠢ ᠪᠠᠶᠢᠴᠠᠭᠠᠨ ᠦᠵᠡᠵᠦ᠂ ᠳᠠᠷᠠᠭ᠎ᠠ ᠨᠢ ᠵᠣᠴᠢᠳ ᠤᠨ ᠲᠢᠩᠬᠢᠮ ᠳᠤ ᠰᠠᠭᠤᠵᠤ ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ ᠳᠤ᠂ ᠨᠡᠶᠢᠭᠡᠮ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠠᠷ ᠳᠡᠮᠵᠢᠨ᠂ ᠡᠪᠦᠯ ᠤᠨ ᠤᠯᠠᠷᠢᠯ ᠳᠤ ᠬᠡᠷ ᠳᠣᠲᠣᠷ᠎ᠠ ᠳᠤᠯᠠᠭᠠᠨ ᠪᠣᠯᠵᠣ᠂ ᠵᠠᠮ ᠳᠡᠭᠡᠷ᠎ᠡ ᠤᠰᠤ ᠲᠤᠬᠲᠠᠬᠤ ᠠᠰᠠᠭᠤᠳᠠᠯ ᠢ ᠴᠤ ᠰᠢᠶᠳᠪᠦᠷᠢᠯᠡᠵᠦ᠂ ᠣᠷᠴᠢᠨ ᠲᠣᠭᠤᠷᠢᠨ ᠰᠠᠶᠢᠵᠢᠷᠠᠵᠤ᠂ ᠰᠡᠳᠭᠢᠯ ᠰᠠᠨᠠᠭ᠎ᠠ ᠴᠤ ᠲᠡᠨᠢᠭᠦᠨ ᠪᠤᠯᠪᠠ᠃ ᠣᠳᠣ ᠬᠡᠦᠬᠡᠳ ᠰᠤᠷᠭᠠᠭᠤᠯᠢ ᠳᠤ ᠰᠠᠭᠤᠬᠤ ᠳᠤ ᠳᠥᠭᠦᠮ᠂ ᠨᠠᠰᠤᠲᠠᠨ ᠡᠪᠡᠳᠴᠢᠨ ᠦᠵᠡᠭᠦᠯᠬᠦ ᠳᠤ ᠪᠠᠲᠤᠯᠠᠭ᠎ᠠ ᠲᠠᠢ ᠪᠤᠯᠵᠤ᠂ ᠠᠶᠢᠯ ᠰᠠᠭᠠᠬᠠᠯᠲᠠ ᠪᠠᠷ ᠢᠶᠠᠨ ᠨᠢᠭᠡ ᠭᠡᠷ ᠤᠨ ᠬᠥᠮᠦᠨ ᠰᠢᠭ ᠡᠶ᠎ᠡ ᠨᠠᠶᠢᠷᠳᠠᠢ ᠪᠤᠯᠵᠡᠢ ᠬᠡᠵᠤ ᠬᠡᠯᠡᠵᠤ ᠦᠭᠴᠡᠢ᠃ ᠲᠡᠳᠡᠨ ᠤ ᠠᠮᠢᠳᠤᠷᠠᠯ ᠨᠢ ᠡᠶ᠎ᠡ ᠨᠠᠶᠢᠷᠳᠠᠢ ᠦᠬᠡᠳᠠᠯᠠᠵᠤ ᠪᠠᠶᠢᠭ᠎ᠠ ᠶᠢ ᠬᠠᠷᠠᠭᠠᠳ ᠰᠢ  ᠶᠢᠨ ᠫᠢᠩ ᠮᠠᠰᠢ ᠪᠠᠶᠠᠷᠯᠠᠵᠠᠢ᠃      ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ ᠤᠯᠠᠨ ᠳᠤ᠂ ᠴᠢᠨᠡᠭᠡᠯᠢᠭᠵᠢᠯ ᠤᠨ ᠵᠡᠭᠦᠳᠦ᠂ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ᠂ ᠳᠤᠮᠳᠠᠳᠤ ᠶᠢᠨ ᠵᠡᠭᠦᠳᠦ ᠪᠣᠯ ᠡᠴᠦᠰ ᠤᠨ ᠡᠴᠦᠰ ᠲᠡᠭᠡᠨ ᠠᠷᠠᠳ ᠤᠯᠠᠨ ᠤ ︽ᠵᠣᠯ ᠵᠢᠷᠭᠠᠯ ᠤᠨ ᠵᠡᠭᠦᠳᠦ︾ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠢᠪᠠ ᠲᠡᠮᠡᠴᠡᠯ ᠪᠣᠯ ᠴᠥᠮ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠬᠦ ᠶᠢᠨ ᠲᠥᠯᠥᠭᠡ ᠶᠤᠮ ᠭᠡᠵᠤ ᠬᠡᠯᠡᠪᠡ᠃ ᠲᠡᠷᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠣᠯ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠬᠤ ᠪᠥᠭᠡᠳ ᠬᠤᠲᠠ ᠶᠢ ᠰᠢᠨᠡᠳᠭᠡᠬᠦ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠃ ᠠᠷᠠᠳ ᠤᠨ ᠲᠥᠯᠥᠭᠡ ᠪᠠᠶᠢᠬᠤ᠂ ᠠᠷᠠᠳ ᠲᠤ ᠲᠦᠬᠦᠮ ᠦᠵᠡᠭᠦᠯᠬᠦ᠂ ᠠᠷᠠᠳ ᠢ ᠠᠮᠤᠷᠵᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠴᠢᠳᠠᠬᠤ ᠶᠢᠨ ᠬᠢᠷᠢ ᠪᠠᠷ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠤᠰᠤ᠂ ᠴᠠᠬᠢᠯᠭᠠᠨ᠂ ᠬᠡᠢ ᠵᠡᠷᠭᠡ ᠠᠮᠢᠳᠤᠷᠠᠯ ᠤᠨ ᠲᠤᠨᠤᠭ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠰᠤᠲᠠᠶᠢᠴᠤᠳ ᠪᠠ ᠬᠡᠦᠬᠡᠳ ᠪᠣᠯ ᠨᠡᠶᠢᠭᠡᠮ ᠲᠣᠭᠤᠷᠢᠭ ᠤᠨ ᠬᠠᠮᠤᠭ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠮᠥᠨ᠂ ︽ᠨᠠᠰᠤᠲᠠᠶᠢᠴᠤᠳ ᠪᠤᠯᠤᠨ ᠬᠡᠤᠬᠡᠳ︾ ᠪᠣᠯ ᠣᠯᠠᠩᠬᠢ ᠭᠡᠷ ᠪᠦᠯᠢ ᠶᠢᠨ ᠭᠤᠣᠯ ᠠᠩᠬᠠᠷᠤᠨ ᠬᠠᠯᠠᠮᠵᠢᠯᠠᠬᠤ ᠶᠠᠪᠤᠳᠠᠯ ᠪᠣᠯᠤᠨ᠎ᠠ᠃ ᠮᠠᠨ ᠤ ᠤᠯᠤᠰ ᠨᠢᠭᠡᠨᠲᠡ ᠨᠠᠰᠤᠵᠢᠯᠳᠠ ᠶᠢᠨ ᠨᠡᠶᠢᠭᠡᠮ ᠳᠤ ᠣᠷᠣᠪᠠ᠃ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠠᠰᠤᠵᠢᠯ ᠤᠨ ᠠᠰᠠᠷᠠᠮᠵᠢ ᠶᠢᠨ ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠤᠯᠤᠰ ᠪᠠ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ᠲᠦᠭ ᠲᠦᠮᠡᠨ ᠬᠡᠷ ᠪᠦᠯᠢ ᠶᠢᠨ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠰᠡᠳᠭᠢᠴᠡ ᠶᠢᠨ ᠡᠷᠡᠭᠦᠯ ᠴᠢᠭᠢᠷᠠᠭ᠂ ᠣᠶᠤᠨ ᠰᠠᠨᠠᠭᠠᠨ ᠤ ᠡᠷᠡᠭᠦᠯ ᠴᠢᠭᠢᠷᠠᠭ ᠢ ᠠᠬᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠠᠷᠠᠳ ᠤᠯᠠᠨ ᠳᠤ ᠮᠠᠨ ᠤ ᠨᠠᠮ ᠪᠣᠯ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ᠂ ᠨᠠᠮ ᠡᠬᠦᠷᠢᠳᠠ ᠠᠷᠠᠳ ᠤᠯᠠᠨ ᠤ ᠳᠡᠷᠭᠡᠳᠡ ᠪᠠᠶᠢᠨ᠎ᠠ ᠬᠡᠳᠡᠭ ᠢ ᠮᠡᠳᠡᠷᠡᠬᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠤᠯᠠᠨ ᠤ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠮᠠᠨᠳᠤᠯᠳᠠ ᠬᠦᠭᠵᠢᠯᠳᠡ ᠳᠤᠮᠳᠠ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠥᠩᠨᠡᠪᠡ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      8 ᠰᠠᠷ᠎ᠠ ᠶᠢᠨ 17 ᠤ ᠦᠳᠡ ᠶᠢᠨ ᠡᠮᠦᠨ᠎ᠡ᠂ ᠰᠢ ᠶᠢᠨ ᠫᠢᠩ ᠮᠦᠭᠳᠡᠨ ᠬᠤᠳᠠ ᠳᠤ᠂ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ ᠠᠬᠠᠯᠠᠬᠤ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠬᠤᠷᠢᠶᠠᠨ ᠤ ᠲᠡᠰ ᠤᠨ ᠨᠢᠭᠡᠴᠢ ᠶᠢᠨ ᠭᠤᠣᠯ ᠣᠹᠢᠼᠧᠷ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠤᠯᠠᠨ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠤᠯᠵᠦ ᠠᠭᠤᠯᠵᠠᠪᠠ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号