ᠪᠠᠳᠤᠬᠠᠭᠠᠯᠭ᠎ᠠ ᠪᠠᠯᠭᠠᠰᠤᠨ ᠤ ︽ᠰᠤᠳᠤ ᠠᠳᠤᠭᠤᠨ ᠲᠠᠯᠠᠪᠠᠢ︾ ᠠᠷᠪᠠᠨ ᠵᠢᠯ ᠤᠨ ᠤᠢ ᠪᠠᠨ ᠪᠡᠯᠭᠡᠯᠡᠵᠦ ᠬᠤᠷᠳᠤᠨ ᠮᠤᠷᠢᠨ ᠤ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2022/8/25
      8 ᠰᠠᠷ᠎ᠠ ᠶᠢᠨ23 ᠤ ᠡᠳᠦᠷ᠂ ᠪᠠᠳᠤᠬᠠᠭᠠᠯᠭ᠎ᠠ ᠶᠢᠨ ᠪᠠᠷᠠᠭᠤᠨ ᠠᠮᠠᠨ ᠤ ᠨᠠᠶᠢᠷ ᠤᠨ ᠲᠠᠯᠠᠪᠠᠢ ᠳᠤ ︽ᠰᠤᠳᠤ ᠠᠳᠤᠭᠤᠨ ᠲᠠᠯᠠᠪᠠᠢ︾ ᠠᠷᠪᠠᠨ ᠵᠢᠯ ᠤᠨ ᠤᠢ ᠪᠠᠨ ᠪᠡᠯᠭᠡᠯᠡᠵᠦ ᠬᠤᠷᠳᠤᠨ ᠮᠤᠷᠢᠨ ᠤ ᠤᠷᠤᠯᠳᠤᠭᠠᠨ ᠡᠷᠬᠢᠯᠡᠨ ᠶᠠᠪᠤᠭᠳᠠᠭᠤᠯᠪᠠ᠃      ᠤᠷᠤᠯᠳᠤᠭᠠᠨ ᠳᠤ ᠡᠷᠯᠢᠰᠡ ᠮᠤᠷᠢᠨ ᠤ15000  ᠮᠧᠲᠷ ᠤᠨ ᠤᠷᠤᠯᠳᠤᠭᠠᠨ ᠪᠠ1.38 ᠮᠧᠲᠷ ᠠᠴᠠ ᠲᠤᠭᠤᠭᠰᠢᠬᠢ ᠮᠤᠩᠭᠤᠯ ᠮᠤᠷᠢᠨ ᠤ10000 ᠮᠧᠲᠷ ᠤᠨ ᠤᠷᠤᠯᠳᠤᠭᠠᠨ ᠢ ᠶᠠᠪᠤᠭᠳᠠᠭᠤᠯᠵᠦ᠂ ᠤᠶᠢᠷ᠎ᠠ ᠬᠠᠪᠢ ᠶᠢᠨ ᠬᠤᠰᠢᠭᠤ ᠨᠤᠳᠤᠭ ᠠᠴᠠ ᠤᠶᠠᠭᠠᠴᠢᠳ ᠬᠦᠷᠦᠯᠴᠡᠨ ᠢᠷᠡᠵᠦ᠂ ᠡᠷᠯᠢᠰᠡ ᠮᠤᠷᠢᠨ ᠤ15000 ᠮᠧᠲᠷ ᠤᠨ ᠤᠷᠤᠯᠳᠤᠭᠠᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠨᠬᠠᠳᠠ ᠰᠤᠮᠤᠨ ᠤ ᠠᠳᠢᠶ᠎ᠠ ᠶᠢᠨ ᠰᠠᠷᠠ  ᠲᠠᠢ ᠬᠦᠷᠡᠩ᠂1.38 ᠮᠧᠲᠷ ᠠᠴᠠ ᠲᠤᠭᠤᠭᠰᠢᠬᠢ ᠮᠤᠩᠭᠤᠯ ᠮᠤᠷᠢᠨ ᠤ10000 ᠮᠧᠲᠷ ᠤᠨ ᠤᠷᠤᠯᠳᠤᠭᠠᠨ ᠳᠤ ᠪᠠᠶᠠᠨᠨᠠᠭᠤᠷ ᠬᠤᠳᠠ ᠶᠢᠨ ᠤᠷᠠᠳ ᠤᠨ ᠲᠤᠮᠳᠠ ᠬᠤᠰᠢᠭᠤᠨ ᠤ ᠠᠮᠤᠭᠤᠯᠠᠩ ᠤᠨ ᠬᠡᠬᠡᠷ ᠮᠤᠷᠢ ᠲᠤᠰ ᠲᠤᠰ ᠠᠶᠢᠷᠠᠭ  ᠤᠨ ᠮᠠᠩᠯᠠᠢ ᠳᠤ ᠲᠤᠳᠤᠷᠠᠵᠦ᠂ ᠤᠶᠠᠭᠰᠠᠨ ᠡᠵᠡᠨ ᠢᠶᠠᠨ ᠪᠠᠶᠠᠰᠬᠠᠪᠠ᠃      ᠤᠷᠤᠯᠳᠤᠭᠠᠨ ᠤ ᠲᠠᠷᠠᠭ᠎ᠠ ︽ᠰᠤᠳᠤ ᠠᠳᠤᠭᠤᠨ ᠲᠠᠯᠠᠪᠠᠢ︾ ᠶᠢᠨ ᠡᠵᠡᠨ ᠠᠴᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠪᠤᠨ ᠠᠬᠠᠮᠠᠳ ᠤᠨᠤᠭᠠᠴᠢ᠂ ᠲᠠᠪᠤᠨ ᠵᠢᠭᠠᠯ ᠤᠨᠤᠭᠠᠴᠢ ᠶᠢ ᠤᠷᠠᠮᠰᠢᠭᠤᠯᠤᠨ ᠱᠠᠩᠨᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号