︽2022 ᠤᠨ ᠤ ᠪᠦᠬᠦ ᠠᠷᠠᠳ ᠤᠨ ᠲᠤᠭᠠᠴᠢᠯᠠᠭᠰᠠᠨ ᠬᠡᠪ ᠪᠤᠯᠪᠠᠰᠤᠷᠠᠯ ᠪᠠ ᠮᠡᠷᠭᠡᠵᠢᠯ ᠤᠨ ᠴᠢᠳᠠᠮᠵᠢ ᠲᠡᠭᠡᠭᠰᠢᠯᠡᠬᠦᠯᠬᠦ ᠰᠠᠷ᠎ᠠ︾ ᠶᠢᠨ ᠰᠦᠯᠵᠢᠶᠡᠨ ᠤ ᠠᠮᠤᠷ ᠲᠦᠪᠰᠢᠨ ᠢ ᠠᠩᠬᠠᠷᠬᠤ ᠲᠤᠰᠬᠠᠢ ᠰᠡᠳᠦᠪᠳᠦ ᠦᠢᠯᠡ ᠠᠵᠢᠯᠯᠠᠭ᠎ᠠ ᠡᠬᠢᠯᠡᠨ ᠶᠠᠪᠤᠭᠳᠠᠭᠰᠠᠨ
ᠨᠡᠶᠢᠲᠡᠯᠡᠭᠰᠡᠨ ᠴᠠᠭ᠄
2022/8/25
      8 ᠰᠠᠷ᠎ᠠ ᠶᠢᠨ23 ᠤ ᠡᠳᠦᠷ ᠤᠨ ᠦᠳᠡ ᠶᠢᠨ ᠡᠮᠦᠨ᠎ᠡ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠲᠤᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠦᠴᠢᠷ ᠠᠴᠠ ︽2022 ᠤᠨ ᠤ ᠪᠦᠬᠦ ᠠᠷᠠᠳ ᠤᠨ ᠲᠤᠭᠠᠴᠢᠯᠠᠭᠰᠠᠨ ᠬᠡᠪ ᠪᠤᠯᠪᠠᠰᠤᠷᠠᠯ ᠪᠠ ᠮᠡᠷᠭᠡᠵᠢᠯ ᠤᠨ ᠴᠢᠳᠠᠮᠵᠢ ᠲᠡᠭᠡᠭᠰᠢᠯᠡᠭᠦᠯᠬᠦ ᠰᠠᠷ᠎ᠠ︾ ᠶᠢᠨ ᠰᠦᠯᠵᠢᠶᠡᠨ ᠤ ᠠᠮᠤᠷ ᠲᠦᠪᠰᠢᠨ ᠢ ᠠᠩᠬᠠᠷᠬᠤ ᠲᠤᠰᠬᠠᠢ ᠰᠡᠳᠦᠪᠳᠦ ᠦᠢᠯᠡ ᠠᠵᠢᠯᠯᠠᠭ᠎ᠠ ᠪᠠᠨ ᠡᠬᠢᠯᠡᠨ ᠶᠠᠪᠤᠭᠳᠠᠭᠤᠯᠤᠭᠰᠠᠨ ᠪᠠᠶᠢᠨ᠎ᠠ᠃
微信图片_20220825145148.jpg
      ᠡᠨᠡᠬᠦ ᠠᠵᠢᠯᠯᠠᠭᠠᠨ ᠤ ᠪᠠᠨ ᠲᠡᠷᠢᠬᠦᠨ ᠳᠤ᠂ ᠪᠦᠬᠦ ᠠᠷᠠᠳ ᠤᠨ ᠲᠤᠭᠠᠴᠢᠯᠠᠭᠰᠠᠨ ᠬᠡᠪ ᠪᠤᠯᠪᠠᠰᠤᠷᠠᠯ ᠪᠠ ᠮᠡᠷᠭᠡᠵᠢᠯ ᠤᠨ ᠴᠢᠳᠠᠮᠵᠢ ᠲᠡᠭᠡᠭᠰᠢᠯᠡᠭᠦᠯᠬᠦ ᠲᠤᠰᠬᠠᠢ ᠰᠤᠷᠤᠯᠴᠠᠯᠭ᠎ᠠ ᠦᠷᠨᠢᠬᠦᠯᠵᠦ᠂ ᠲᠠᠷᠠᠭ᠎ᠠ ᠳᠤᠨᠢ ᠰᠤᠷᠤᠯᠴᠠᠯᠭ᠎ᠠ  ᠳᠤ ᠣᠷᠣᠯᠴᠠᠭᠰᠠᠨ ᠪᠦᠬᠦ ᠠᠵᠢᠯᠳᠠᠳ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ ᠢᠶᠠᠷ ᠲᠤᠭᠤᠷᠢᠨ ᠦᠵᠡᠵᠦ᠂ ᠪᠠᠰᠠ ᠠᠶᠢᠪᠠᠭ᠎ᠠ ᠨᠡᠶᠢᠭᠡᠮ ᠲᠤᠭᠤᠷᠢᠭ ᠲᠤ ᠬᠦᠷᠴᠦ ᠲᠤᠰ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠠᠢ ᠬᠠᠮᠳᠦ ᠪᠠᠷ ᠰᠦᠯᠵᠢᠶᠡᠨ ᠤ ᠠᠮᠤᠷ ᠲᠦᠪᠰᠢᠨ ᠤ ᠲᠤᠰᠬᠠᠢ ᠮᠡᠷᠭᠡᠵᠢᠯᠳᠡᠨ ᠤ ᠬᠢᠭᠰᠡᠨ ᠰᠦᠯᠵᠢᠶᠡᠨ ᠤ ᠠᠮᠤᠷ ᠲᠦᠪᠰᠢᠨ ᠢ ᠠᠩᠬᠠᠷᠬᠤ ᠶᠠᠷᠢᠶ᠎ᠠ ᠢᠯᠡᠳᠭᠡᠯ ᠢ ᠰᠤᠨᠤᠰᠴᠦ ᠭᠠᠷ ᠤᠳᠠᠰᠦ ᠬᠡᠷᠡᠭᠯᠡᠬᠦ᠂ ᠰᠦᠯᠵᠢᠶᠡᠨ ᠠᠴᠠ ᠶᠠᠭᠤᠮ᠎ᠠ ᠬᠤᠳᠠᠯᠳᠤᠵᠦ ᠠᠪᠬᠤ ᠵᠡᠷᠭᠡ ᠡᠳᠦᠷ ᠲᠤᠳᠤᠮ ᠤᠨ ᠠᠮᠢᠳᠤᠷᠠᠯ ᠦᠢᠯᠡᠳᠪᠦᠷᠢᠯᠡᠯ ᠲᠤᠮᠳᠠ ᠪᠠᠨ ᠰᠦᠯᠵᠢᠶᠡᠨ ᠤ ᠠᠮᠤᠷ ᠲᠦᠪᠰᠢᠨ ᠢ ᠢᠯᠡᠭᠦᠬᠡᠨ ᠠᠩᠬᠠᠷᠬᠤ ᠴᠢᠬᠤᠯᠠᠳᠠᠢ ᠬᠡᠳᠡᠭ ᠢ ᠤᠶᠢᠯᠠᠭᠠᠭᠤᠯᠤᠨ᠂ ᠲᠤᠬᠠᠢ ᠶᠢᠨ ᠲᠠᠯᠠᠪᠤᠷ ᠲᠤ ᠬᠦᠷᠦᠯᠴᠡᠨ ᠢᠷᠡᠭᠰᠡᠨ ᠬᠦᠮᠦᠰ ᠲᠤ ᠰᠦᠯᠵᠢᠶᠡᠨ ᠤ ᠠᠮᠤᠷ ᠲᠦᠪᠰᠢᠨ ᠤ ᠲᠤᠬᠠᠢ ᠤᠬᠠᠭᠤᠯᠭ᠎ᠠ ᠶᠢᠨ ᠬᠠᠭᠤᠳᠠᠰᠦ ᠲᠠᠷᠬᠠᠭᠠᠭᠰᠠᠨ ᠪᠠᠶᠢᠨ᠎ᠠ᠃
微信图片_20220825145156.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号