ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ  ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠳᠦ ᠶᠠᠷᠢᠶᠠᠨ ᠤ ᠲᠠᠪᠴᠠᠩ ᠡᠷᠬᠢᠯᠡᠪᠡ
ᠨᠡᠶᠢᠲᠡᠯᠡᠭᠰᠡᠨ ᠴᠠᠭ᠄
2022/8/26
      8 ᠰᠠᠷ᠎ᠠ ᠶᠢᠨ24 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠳᠦ ᠶᠠᠷᠢᠶᠠᠨ ᠤ ᠲᠠᠪᠴᠠᠩ  ᠢ ᠡᠷᠬᠢᠯᠡᠨ᠂ ᠡᠯ᠎ᠡ ᠱᠠᠳᠤᠨ ᠤ ᠤᠳᠤᠷᠢᠳᠤᠯᠭ᠎ᠠ ᠵᠢᠴᠢ ᠦᠪᠦᠷ ᠮᠤᠩᠭᠤᠯ ᠤᠨ ᠨᠡᠶᠢᠭᠡᠮ ᠵᠢᠷᠤᠮ ᠤᠨ ᠲᠡᠭᠡᠳᠦ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠪᠠ ᠦᠪᠦᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠡᠷᠳᠡᠮᠳᠡᠳ ᠢ ᠤᠷᠢᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠦᠢᠯᠡᠳᠦᠯᠭᠡ ᠶᠢᠨ ᠦᠵᠡᠭᠦᠯᠦᠯᠭᠡ ᠶᠢᠨ ᠲᠢᠩᠭᠢᠮ ᠢ ᠲᠤᠭᠤᠷᠢᠨ ᠦᠵᠡᠵᠦ᠂ ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤᠨ ᠤ ᠦᠩᠭᠡᠷᠡᠭᠰᠡᠨ70 ᠵᠢᠯ ᠤᠨ ᠲᠡᠮᠡᠴᠡᠯ ᠤᠨ ᠲᠡᠥᠬᠡ ᠪᠠ ᠬᠦᠭᠵᠢᠯᠳᠡ ᠶᠢᠨ ᠦᠷ᠎ᠡ ᠪᠦᠳᠦᠬᠡᠯ ᠢ ᠡᠷᠬᠢᠴᠡᠭᠦᠯᠦᠨ᠂ ᠮᠠᠨ ᠤ ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠠᠮᠳᠦ ᠪᠠᠷ ᠲᠦᠯᠦᠪᠵᠢᠭᠦᠯᠦᠭᠰᠡᠨ ᠪᠠᠶᠢᠨ᠎ᠠ᠃
微信图片_20220826093354.jpg
      ᠲᠤᠰᠬᠠᠢ ᠮᠡᠷᠭᠡᠵᠢᠯᠳᠡᠨ ᠨᠠᠷ ᠵᠢᠮᠢᠰᠳᠡᠢ ᠦᠵᠡᠮᠵᠢ ᠶᠢᠨ ᠤᠷᠤᠨ ᠳᠤ ᠪᠠᠶᠢᠷᠢᠯᠠᠵᠦ ᠪᠠᠶᠢᠭ᠎ᠠ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠦᠢᠯᠡᠳᠦᠯᠬᠡ ᠶᠢᠨ ᠰᠠᠭᠤᠷᠢᠨ ᠭᠠᠵᠠᠷ ᠲᠤ ᠬᠦᠷᠴᠦ᠂ ᠰᠡᠳᠬᠢᠯ ᠨᠢᠬᠡᠳᠦᠨ ᠬᠦᠴᠦ ᠪᠠᠨ ᠬᠠᠮᠳᠤᠬᠨ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ  ᠢ ᠪᠦᠳᠦᠭᠡᠨ ᠪᠠᠶᠢᠭᠤᠯᠤᠭᠰᠠᠨ᠂ ᠭᠤᠷᠪᠠᠨ ᠮᠢᠩᠭᠠᠨ ᠦᠨᠦᠴᠢᠨ ᠬᠡᠥᠬᠡᠳ ᠢ ᠦᠪᠦᠷ ᠮᠤᠩᠭᠤᠯ ᠳᠤ ᠦᠷᠡᠴᠢᠯᠡᠨ ᠲᠡᠵᠢᠭᠡᠭᠰᠨ ᠵᠡᠷᠭᠡ ᠬᠤᠪᠢᠰᠬᠠᠯᠳᠦ ᠲᠠᠯ᠎ᠠ ᠨᠤᠳᠤᠭ ᠤᠨ ᠲᠡᠥᠬᠡ ᠰᠤᠶᠤᠯ ᠢ ᠨᠠᠷᠢᠨ ᠤᠶᠢᠯᠠᠭᠠᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠳᠦ ᠤᠳᠬ᠎ᠠ ᠤᠷᠠᠯᠢᠭ  ᠤᠨ ᠦᠵᠡᠭᠦᠯᠦᠯᠭᠡ ᠶᠢᠨ ᠬᠢᠴᠢᠶᠡᠯ ᠢ ᠰᠤᠨᠢᠷᠬᠠᠭᠰᠠᠨ ᠪᠠᠶᠢᠨ᠎ᠠ᠃      ᠬᠤᠳᠠ ᠬᠤᠰᠢᠭᠤ ᠬᠤᠶᠠᠷ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠤᠰ ᠪᠦᠷᠢ ᠪᠠᠶᠢᠴᠠᠭᠠᠨ ᠰᠤᠳᠤᠯᠤᠯᠳᠠ ᠪᠤᠶᠤ ᠶᠠᠷᠢᠶᠠᠨ ᠤ ᠲᠠᠪᠴᠠᠩ ᠳᠤ ᠤᠷᠤᠯᠴᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号