ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠵᠢᠷᠭᠤᠳᠤᠭᠠᠷ ᠤᠳᠠᠭᠠᠨ  ᠤ ︽ᠤᠮᠠᠷᠠᠳᠦ ᠬᠢᠯᠢ ᠪᠠᠨ ᠬᠠᠮᠠᠭᠠᠯᠠᠵᠦ᠂ ᠵᠡᠮᠳᠡᠭᠴᠤᠳ ᠢ ᠬᠠᠯᠠᠮᠵᠢᠯᠠᠬᠤ︾ ᠭᠤᠤᠯ ᠰᠡᠳᠦᠪᠳᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/8/31
      8 ᠰᠠᠷ᠎ᠠ ᠶᠢᠨ25 ᠤ ᠡᠳᠦᠷ ᠪᠤᠯ ᠵᠢᠷᠭᠤᠳᠤᠭᠠᠷ ᠤᠳᠠᠭᠠᠨ ᠤ ︽ᠪᠦᠬᠦ ᠤᠯᠤᠰ ᠤᠨ ᠵᠡᠮᠳᠡᠭ ᠪᠤᠯᠬᠤ ᠠᠴᠠ ᠰᠡᠷᠭᠡᠶᠢᠯᠡᠬᠦ ᠡᠳᠦᠷ︾ ᠪᠤᠯᠤᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ  ᠨᠢ ᠪᠤᠭᠤᠳᠦ ᠬᠤᠳᠠ ᠶᠢᠨ ᠴᠤᠤ ᠵᠢᠦᠢ ᠨᠢᠳᠤᠨ ᠡᠮᠨᠡᠯᠭᠡ ᠲᠠᠢ ᠬᠠᠮᠳᠤᠷᠠᠨ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠵᠡᠮᠳᠡᠭ ᠪᠤᠯᠬᠤ ᠠᠴᠠ ᠰᠡᠷᠭᠡᠶᠢᠯᠡᠬᠦ ᠡᠳᠦᠷ ᠤᠨ ᠠᠵᠢᠯᠯᠠᠭ᠎ᠠ︾ ᠦᠷᠨᠢᠭᠦᠯᠦᠭᠰᠡᠨ ᠪᠠᠶᠢᠨ᠎ᠠ᠃ ᠲᠤᠰ ᠣᠳᠠᠭᠠᠨ ᠤ ᠠᠵᠢᠯᠯᠠᠭ᠎ᠠ ᠨᠢ ︽ᠵᠡᠮᠳᠡᠭ ᠪᠤᠯᠬᠤ ᠠᠴᠠ ᠰᠡᠷᠭᠡᠶᠢᠯᠡᠬᠦ ᠮᠡᠳᠡᠯᠬᠡ ᠶᠢ ᠲᠦᠭᠡᠮᠡᠯᠵᠢᠭᠦᠯᠵᠦ᠂ ᠡᠷᠡᠭᠦᠯ ᠡᠩᠭᠡ ᠲᠤᠮᠳᠠᠳᠦ ᠤᠯᠤᠰ ᠢ ᠪᠦᠳᠦᠭᠡᠨ ᠪᠠᠶᠢᠭᠤᠯᠬᠤ︾ ᠪᠠᠷ ᠭᠤᠤᠯ ᠰᠡᠳᠦᠪ ᠢᠶᠠᠨ ᠪᠤᠯᠭᠠᠵᠦ᠂8 ᠰᠠᠷ᠎ᠠ ᠶᠢᠨ25 ᠤ ᠡᠳᠦᠷ ᠠᠴᠠ ᠡᠬᠢᠯᠡᠨ ᠬᠤᠰᠢᠭᠤᠨ ᠤ ᠡᠯ᠎ᠡ ᠨᠡᠶᠢᠭᠡᠮ ᠲᠤᠭᠤᠷᠢᠭ ᠲᠤ ᠬᠦᠨᠵᠡᠭᠡᠶᠢᠷᠡᠨ ᠨᠢᠳᠦᠨ ᠤ ᠡᠪᠡᠷᠯᠢᠭ ᠪᠦᠷᠬᠦᠪᠴᠢ ᠶᠢᠨ ᠴᠢᠨᠠᠷ ᠬᠤᠪᠢᠷᠠᠭᠰᠠᠨ ᠢ ᠰᠢᠭᠰᠢᠨ ᠪᠠᠶᠢᠴᠠᠭᠠᠬᠤ ᠶᠢᠨ ᠬᠠᠮᠳᠦ ᠨᠢᠳᠤᠨ ᠤ ᠵᠡᠮᠳᠡᠭ ᠪᠤᠯᠬᠤ ᠶᠢ ᠤᠷᠢᠳᠴᠢᠯᠠᠨ ᠰᠡᠷᠭᠡᠶᠢᠯᠡᠬᠦ ᠮᠡᠳᠡᠯᠬᠡ ᠶᠢ ᠲᠦᠭᠡᠮᠡᠯᠵᠢᠭᠦᠯᠦᠭᠰᠡᠨ ᠪᠠᠶᠢᠨ᠎ᠠ᠃ ᠪᠤᠭᠤᠳᠦ ᠬᠤᠳᠠ ᠶᠢᠨ ᠴᠤᠤ ᠵᠢᠦᠢ ᠨᠢᠳᠤᠨ ᠤ ᠡᠮᠨᠡᠯᠭᠡ ᠶᠢᠨ ᠬᠤᠷᠢᠶᠠᠨ ᠤ ᠡᠮᠴᠢ ᠨᠠᠷ ᠰᠠᠭᠤᠭᠠᠯᠢ ᠠᠷᠠᠳ ᠲᠤ ᠨᠠᠷᠢᠨ ᠲᠤᠳᠤᠷᠬᠠᠢ ᠲᠠᠩᠰᠠᠯᠠᠯᠳᠠ ᠬᠢᠵᠦ᠂ ᠰᠠᠭᠤᠭᠠᠯᠢ ᠠᠷᠠᠳ ᠨᠢᠭᠡᠪᠦᠷᠢ ᠶᠢᠨ ᠡᠪᠡᠳᠴᠢᠨ ᠤ ᠪᠠᠶᠢᠳᠠᠯ ᠳᠤ ᠨᠠᠷᠢᠨ ᠵᠠᠳᠠᠯᠤᠯᠳᠠ ᠬᠢᠵᠦ᠂ ᠨᠡᠶᠢᠳᠡ100 ᠭᠠᠷᠤᠢ ᠰᠠᠭᠤᠭᠠᠯᠢ ᠠᠷᠠᠳ ᠲᠤ ᠦᠨ᠎ᠡ ᠲᠦᠯᠡᠪᠦᠷᠢ ᠦᠭᠡᠢ ᠪᠠᠷ ᠪᠠᠶᠢᠴᠠᠭᠠᠯᠳᠠ ᠬᠢᠭᠰᠡᠨ ᠪᠠᠶᠢᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠡᠮᠳᠡᠭᠴᠤᠳ ᠤᠨ ᠬᠤᠯᠪᠤᠭ᠎ᠠ ︽ᠵᠡᠮᠳᠡᠭ ᠪᠤᠯᠬᠤ ᠠᠴᠠ ᠰᠡᠷᠭᠡᠶᠢᠯᠡᠬᠦ ᠡᠳᠦᠷ ᠤᠨ ᠠᠵᠢᠯᠯᠠᠭ᠎ᠠ︾ ᠶᠢ ᠰᠠᠷ᠎ᠠ ᠶᠢᠨ ᠠᠵᠢᠯᠯᠠᠭ᠎ᠠ ᠪᠤᠯᠭᠠᠨ ᠦᠷᠭᠡᠳᠭᠡᠵᠦ᠂ ᠦᠷᠭᠦᠯᠵᠢᠯᠡᠨ ᠡᠯ᠎ᠡ ᠰᠤᠮᠤ ᠰᠢᠶᠠᠩ ᠪᠠᠯᠭᠠᠰᠤᠨ ᠳᠤ ᠬᠦᠨᠵᠡᠭᠡᠶᠢᠷᠡᠨ ᠨᠢᠳᠤᠨ ᠤ ᠡᠪᠡᠳᠴᠢᠨ ᠢ ᠰᠢᠭᠰᠢᠨ ᠪᠠᠶᠢᠴᠠᠭᠠᠬᠤ ᠪᠠᠷ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号