ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ ᠭᠤᠴᠢᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠤᠷᠢᠯᠭᠠᠳᠤ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2022/8/4
      8 ᠰᠠᠷ᠎ᠠ ᠶᠢᠨ4 ᠤ ᠡᠳᠦᠷ ᠠᠴᠠ5 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠨᠠᠭᠠᠳᠤᠮ ᠤᠨ ᠶᠡᠭᠡ ᠬᠤᠷᠠᠯ ᠤᠨ ᠵᠠᠯᠠᠭᠤᠴᠤᠳ ᠤᠨ ᠪᠠᠬ᠎ᠠ ᠶᠢ ᠲᠠᠳᠠᠭᠰᠠᠨ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠤᠷᠢᠯᠭᠠᠳᠦ ᠤᠷᠤᠯᠳᠤᠭᠠᠨ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠤᠨ ᠬᠦᠯ ᠪᠦᠮᠪᠦᠭᠡ ᠶᠢᠨ ᠲᠠᠯᠠᠪᠤᠷ ᠲᠤ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃
微信图片_20220808085908.jpg
      ᠲᠤᠰ ᠤᠳᠠᠭᠠᠨ ᠤ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠸᠢᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠨᠡᠶᠢᠳᠡ8 ᠬᠦᠯ ᠪᠦᠮᠪᠦᠭᠡ ᠶᠢᠨ ᠺᠢᠯᠤᠹ ᠤᠷᠤᠯᠴᠠᠵᠦ᠂ ᠡᠳᠦᠷ ᠬᠠᠭᠠᠰ ᠤᠨ ᠤᠷᠤᠯᠳᠤᠭᠠᠨ ᠢᠶᠠᠷ ᠲᠠᠮᠵᠢᠨ᠂ ᠮᠠᠨ ᠤ ᠬᠤᠰᠢᠭᠤᠨ ᠤ ᠲᠠᠷᠬᠠᠨ ᠪᠡᠶᠢᠯᠡ ᠬᠦᠯ ᠪᠦᠮᠪᠦᠭᠡ ᠶᠢᠨ ᠺᠢᠯᠤᠹ ᠲᠡᠷᠢᠭᠦᠯᠡᠵᠦ᠂ ᠤᠷᠳᠤᠰ ᠤᠨ ᠠᠷᠪᠠᠰ ᠬᠦᠯ ᠪᠦᠮᠪᠦᠭᠡ ᠶᠢᠨ ᠺᠢᠯᠤᠹ ᠲᠡᠳᠡᠯᠡᠨ᠂ ᠤᠷᠠᠳ ᠤᠨ ᠬᠤᠶᠢᠳᠦ ᠬᠤᠰᠢᠭᠤᠨ ᠤ ᠰᠦᠯᠳᠡ ᠬᠦᠯ ᠪᠦᠮᠪᠦᠭᠡ ᠶᠢᠨ ᠺᠢᠯᠤᠹ ᠲᠡᠳᠡᠯᠡᠨ᠂ ᠤᠷᠠᠳ ᠤᠨ ᠬᠤᠶᠢᠳᠦ ᠬᠤᠰᠢᠭᠤᠨ ᠤ ᠰᠦᠯᠳᠡ ᠬᠦᠯ ᠪᠦᠮᠪᠦᠭᠡ ᠶᠢᠨ ᠺᠢᠯᠤᠹ ᠭᠤᠷᠪᠠᠳᠤᠭᠠᠷ ᠲᠤ ᠤᠷᠤᠵᠦ᠂ ᠤᠯᠠᠨ ᠤ ᠬᠠᠷᠠᠭ᠎ᠠ ᠶᠢ ᠪᠠᠶᠠᠰᠬᠠᠭᠰᠠᠨ ᠰᠠᠶᠢᠬᠠᠨ ᠤᠷᠤᠯᠳᠤᠭᠠᠨ ᠪᠤᠯᠤᠭᠰᠠᠨ ᠢᠶᠠᠷ ᠪᠠᠷᠠᠬᠤ ᠦᠭᠡᠢ ᠬᠤᠯᠠ ᠤᠶᠢᠷ᠎ᠠ ᠶᠢᠨ ᠬᠤᠰᠢᠭᠤ ᠶᠢᠨ ᠬᠦᠯ ᠪᠦᠮᠪᠦᠭᠡ ᠶᠢᠨ ᠺᠢᠯᠤᠹ ᠤᠨ ᠲᠠᠮᠢᠷᠴᠢᠳ ᠤᠨ ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃
      ᠤᠷᠤᠯᠳᠤᠭᠠᠨ ᠨᠢ ᠲᠠᠮᠢᠷᠴᠢᠳ ᠤᠨ ᠲᠡᠰᠪᠦᠷᠢ ᠲᠠᠭᠠᠭᠠᠮᠠᠭᠠᠢ᠂ ᠨᠦᠬᠦᠷᠰᠡᠭ ᠪᠠ ᠪᠦᠯᠬᠦᠮᠳᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠠᠵᠢᠯ ᠤᠨ ᠴᠢᠯᠦᠭᠡᠨ ᠤ ᠠᠮᠢᠳᠤᠷᠠᠯ ᠢ ᠨᠢ ᠪᠠᠶᠠᠯᠢᠭᠵᠢᠭᠤᠯᠤᠨ᠂ ᠪᠡᠶ᠎ᠡ ᠮᠠᠬᠠᠪᠤᠳ  ᠢᠶᠠᠨ ᠴᠢᠬᠢᠷᠠᠭᠵᠢᠭᠤᠯᠬᠤ ᠶᠢᠨ ᠬᠠᠮᠳᠦ ᠬᠠᠷᠢᠯᠴᠠᠨ ᠰᠠᠨᠠᠯ ᠢᠶᠠᠨ ᠰᠤᠯᠢᠯᠴᠠᠵᠦ᠂ ᠨᠦᠬᠦᠷᠯᠡᠯ ᠢᠶᠠᠨ ᠪᠠᠳᠤᠳᠬᠠᠬᠤ ᠰᠠᠶᠢᠨ ᠲᠤᠬᠢᠶᠠᠯ ᠪᠤᠯᠵᠠᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号