ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠮᠤᠷᠢᠨ ᠤ ᠤᠷᠤᠯᠳᠤᠭᠠᠨ ᠠᠮᠵᠢᠯᠳᠠ ᠲᠠᠢ ᠦᠨᠳᠦᠷᠯᠡᠭᠰᠡᠨ
ᠨᠡᠶᠢᠲᠡᠯᠡᠭᠰᠡᠨ ᠴᠠᠭ᠄
2022/8/9
      8 ᠰᠠᠷ᠎ᠠ ᠶᠢᠨ4 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠰᠤᠶᠤᠯ ᠵᠤᠭᠠᠴᠠᠯ ᠤᠨ ᠨᠠᠶᠢᠷ ᠵᠢᠴᠢ ᠭᠤᠴᠢᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠮᠤᠷᠢᠨ ᠤ ᠤᠷᠤᠯᠳᠤᠭᠠᠨ ᠪᠠᠳᠤᠬᠠᠭᠠᠯᠭ᠎ᠠ ᠶᠢᠨ ᠪᠠᠷᠠᠭᠤᠨ ᠠᠮᠠ ᠶᠢᠨ ᠮᠤᠷᠢᠨ ᠤᠷᠤᠯᠳᠤᠭᠠᠨ ᠤ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠲᠤ ᠠᠮᠵᠢᠯᠳᠠ ᠲᠠᠢ ᠶᠠᠪᠤᠭᠳᠠᠵᠦ ᠦᠨᠳᠦᠷᠯᠡᠯ᠎ᠡ᠃
      ᠲᠤᠰ ᠤᠳᠠᠭᠠᠨ ᠤ ᠤᠷᠤᠯᠳᠤᠭᠠᠨ ᠳᠤ40 ᠭᠠᠵᠠᠷ ᠤᠨ ᠬᠤᠯᠠ ᠶᠢᠨ ᠮᠤᠷᠢᠨ ᠤ ᠤᠷᠤᠯᠳᠤᠭᠠᠨ᠂3200 ᠮᠧᠲᠷ ᠤᠨ ᠬᠤᠷᠳᠤᠨ ᠮᠤᠷᠢᠨ ᠤ ᠤᠷᠤᠯᠳᠤᠭᠠᠨ᠂3200 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠢ ᠶᠠᠪᠤᠭᠳᠠᠭᠤᠯᠵᠦ᠂ ᠲᠦᠩᠯᠢᠶᠤᠤ ᠬᠤᠳᠠ᠂ ᠰᠢᠯᠢ ᠶᠢᠨ ᠭᠤᠤᠯ ᠠᠶᠢᠮᠠᠭ᠂ ᠲᠦᠷᠪᠡᠳ ᠬᠤᠰᠢᠭᠤ᠂ ᠤᠷᠳᠤᠰ ᠬᠤᠳᠠ ᠂ ᠪᠠᠶᠠᠠᠨᠠᠭᠤᠷ ᠬᠤᠳᠠ ᠵᠡᠷᠭᠡ ᠭᠠᠵᠠᠷ ᠤᠷᠤᠨ ᠠᠴᠠ ᠤᠯᠠᠨ ᠰᠠᠶᠢᠬᠠᠨ ᠤᠶᠠᠭᠠᠴᠢᠳ ᠬᠦᠷᠦᠯᠴᠡᠨ ᠢᠷᠡᠵᠦ ᠬᠤᠷᠳᠤᠨ ᠬᠦᠯᠦᠭ ᠤᠨ ᠢᠶᠠᠨ ᠤᠶᠠᠭ᠎ᠠ ᠰᠤᠶᠢᠯᠠᠭ᠎ᠠ ᠪᠠᠷ ᠨᠠᠭᠠᠳᠤᠮᠴᠢᠨ ᠤᠯᠠᠨ ᠢᠶᠠᠨ ᠪᠠᠶᠠᠰᠬᠠᠪᠠ᠃
      ᠬᠠᠭᠠᠰ ᠡᠳᠦᠷ ᠤᠨ ᠤᠷᠤᠯᠳᠤᠭᠠᠨ ᠢᠶᠠᠷ ᠲᠠᠮᠵᠢᠨ᠂40 ᠭᠠᠵᠠᠷ ᠤᠨ ᠬᠤᠯᠠ ᠶᠢᠨ ᠮᠤᠷᠢᠨ ᠤ ᠤᠷᠤᠯᠳᠤᠭᠠᠨ  ᠳᠤ ᠵᠡᠭᠦᠨ ᠬᠤᠰᠢᠭᠤᠨ ᠤ ᠵᠠᠭᠤᠨᠨᠠᠰᠤᠳᠤ ᠶᠢᠨ ᠮᠤᠷᠢ᠂3200 ᠮᠧᠲᠷ ᠤᠨ ᠬᠤᠷᠳᠤᠨ ᠮᠤᠷᠢᠨ ᠤ ᠤᠷᠤᠯᠳᠤᠭᠠᠨ  ᠳᠤ ᠤᠷᠳᠤᠰ ᠬᠤᠳᠠ ᠶᠢᠨ ᠵᠢᠷᠭᠠᠯᠬᠠᠨ ᠤ ᠮᠤᠷᠢ᠂3200 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠤᠷᠳᠤᠰ ᠬᠤᠳᠠ ᠶᠢᠨ ᠴᠤᠯᠮᠤᠨᠬᠡᠰᠢᠭ ᠤᠨ ᠮᠤᠷᠢ᠂1000 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠲᠠᠷᠬᠠᠨ ᠮᠤᠤᠮᠢᠩᠭᠠᠨ ᠤ ᠲᠤᠷᠤᠨ᠎ᠠ ᠶᠢᠨ ᠮᠤᠷᠢ ᠲᠤᠰ ᠲᠤᠰ ᠠᠶᠢᠷᠠᠭ ᠤᠨ ᠮᠠᠩᠯᠠᠢ ᠳᠤ ᠲᠤᠳᠤᠷᠠᠵᠦ᠂ ᠤᠶᠠᠭᠰᠠᠨ ᠡᠵᠡᠨ ᠢᠶᠠᠨ ᠪᠠᠶᠠᠷᠯᠠᠭᠤᠯᠵᠦ ᠬᠤᠷᠠᠭᠰᠠᠨ ᠤᠯᠠᠨ ᠢᠶᠠᠨ ᠪᠠᠶᠠᠰᠬᠠᠵᠦ ᠪᠢᠯᠡ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号