ᠵᠢᠪᠬᠤᠯᠠᠩᠳᠦ ᠭᠠᠴᠠᠭᠠᠨ ᠤ ᠮᠠᠯᠴᠢᠳ ᠬᠤᠪᠢᠰᠬᠠᠯᠳᠦ ᠮᠤᠩᠭᠤᠯ ᠭᠡᠷ ᠲᠤ ᠨᠤᠮ ᠤᠩᠰᠢᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2022/9/14
      ᠤᠶᠢᠷ᠎ᠠ ᠳᠤ ᠬᠢᠯᠢ ᠬᠢᠵᠠᠭᠠᠷ ᠤᠨ ᠮᠠᠯᠴᠢᠳ ᠤᠨ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠦᠯᠦᠭᠡ᠂ ᠪᠠᠶ᠋ᠬᠠᠠᠤᠸᠠ ᠪᠠᠯᠭᠠᠰᠤᠨ ᠤ ᠵᠢᠪᠬᠤᠯᠠᠩᠳᠦ ᠭᠠᠴᠠᠭᠠᠨ ᠤ ᠬᠢᠨ ᠮᠠᠯᠴᠢᠨ ᠠᠭᠤᠯᠠ  ᠶᠢᠨ ᠬᠤᠪᠢᠰᠬᠠᠯᠳᠦ ᠮᠤᠩᠭᠤᠯ ᠭᠡᠷ ᠲᠤ ᠨᠤᠮ ᠤᠩᠰᠢᠬᠤ ᠠᠵᠢᠯᠯᠠᠭ᠎ᠠ ᠦᠷᠨᠢᠭᠦᠯᠪᠡ᠃
微信图片_20220914103742.jpg
      ᠠᠵᠢᠯᠯᠠᠭ᠎ᠠ ᠶᠢᠨ ᠲᠤᠮᠳᠠ ᠭᠠᠴᠠᠭᠠᠨ ᠤ ᠱᠦᠵᠢ ᠠᠷᠢᠭᠤᠨᠳᠠᠨ᠎ᠠ ᠮᠤᠩᠭᠤᠯ ᠬᠢᠳᠠᠳ ᠬᠤᠤᠰ ᠬᠡᠯᠡ ᠪᠠᠷ ᠤᠯᠠᠨ ᠳᠤ ︽ᠰᠢ ᠶᠢᠨ ᠫᠢᠩ ᠶᠡᠷᠦᠩᠭᠡᠢ ᠱᠦᠵᠢ ᠶᠢᠨ ᠮᠤᠵᠢ ᠶᠢᠨ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠬᠤᠷᠠᠯ ᠲᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ︾ ᠶᠢ ᠲᠠᠶᠢᠯᠪᠦᠷᠢᠯᠠᠨ ᠦᠭᠪᠡ᠃ ᠲᠠᠷᠠᠭ᠎ᠠ ᠨᠢ᠂ ᠤᠯᠠᠨ ᠢᠶᠠᠷ ᠢᠶᠠᠨ ᠠᠭᠤᠯᠠ  ᠶᠢᠨ ᠲᠠᠯ᠎ᠠ ᠨᠤᠳᠤᠭ ᠤᠨ ᠨᠤᠮ ᠤᠨ ᠰᠠᠩ ᠳᠤ ᠦᠷᠦᠭᠡᠰᠦᠳᠡᠢ ᠤᠯᠠᠨ ᠰᠠᠶᠢᠬᠠᠨ ᠨᠤᠮ ᠤᠳ ᠠᠴᠠ ᠦᠪᠡᠷ ᠤᠨ ᠲᠤᠷᠠᠳᠠᠢ ᠨᠤᠮ ᠢᠶᠠᠨ ᠤᠷᠪᠠᠭᠤᠯᠤᠨ ᠦᠵᠡᠬᠦ ᠶᠢᠨ ᠲᠠᠭᠠᠥ ᠨᠤᠮ ᠤᠨ ᠠᠭᠤᠯᠭ᠎ᠠ ᠶᠠᠷᠢᠯᠴᠠᠵᠠᠭᠠᠨ᠂ ᠬᠠᠮᠳᠤᠪᠠᠷ ᠨᠢᠭᠡᠨ ᠤᠳᠠᠭᠠᠨ ᠤ ᠤᠶᠤᠨ ᠤ ᠬᠦᠨᠡᠰᠦ  ᠨᠦᠬᠦᠪᠦᠷᠢᠯᠡᠭᠰᠡᠨ ᠪᠠᠶᠢᠨ᠎ᠠ᠃ ᠠᠵᠢᠯᠯᠠᠭ᠎ᠠ ᠶᠢᠨ ᠲᠠᠷᠠᠭ᠎ᠠ ᠭᠠᠴᠠᠭᠠᠨ ᠤ ᠬᠤᠶᠠᠷ ᠵᠦᠪᠯᠡᠯ ᠤᠨ ᠬᠢᠨ ᠪᠠᠰᠠ ᠨᠢᠭᠡ ᠪᠦᠯᠦᠭ ᠨᠤᠮ ᠪᠢᠴᠢᠭ ᠢ ᠰᠤᠩᠭᠤᠨ ᠮᠠᠯᠴᠢᠨ ᠨᠠᠰᠤᠮᠠᠭᠳᠠ ᠶᠢᠨ ᠭᠡᠷ ᠲᠤ ᠬᠦᠷᠴᠦ᠂ ᠠᠵᠢᠯᠯᠠᠭ᠎ᠠ ᠳᠤ ᠤᠷᠤᠯᠴᠠᠵᠦ ᠲᠡᠶᠢᠯᠦᠭᠰᠡᠨ ᠦᠭᠡᠢ ᠤᠶᠢᠷ᠎ᠡ ᠬᠠᠪᠢ ᠶᠢᠨ ᠮᠠᠯᠴᠢᠳ ᠢ ᠵᠤᠬᠢᠶᠠᠨ ᠪᠠᠶᠢᠭᠤᠯᠵᠦ ᠬᠠᠮᠳᠦ ᠪᠠᠷ ᠨᠤᠮ ᠤᠩᠰᠢᠨ ᠶᠠᠷᠢᠯᠴᠠᠵᠠᠭᠠᠪᠠ᠃
微信图片_20220914103750.jpg
      ᠲᠤᠰ ᠤᠳᠠᠭᠠᠨ ᠤ ᠵᠢᠪᠬᠤᠯᠠᠩᠳᠦ ᠭᠠᠴᠠᠭᠠᠨ ᠤ ᠮᠠᠯᠴᠢᠳ ᠢᠶᠠᠨ ᠵᠤᠬᠢᠶᠠᠨ ᠪᠠᠶᠢᠭᠤᠯᠤᠨ ᠨᠤᠮ ᠤᠩᠰᠢᠭᠰᠠᠨ ᠠᠵᠢᠯᠯᠠᠭ᠎ᠠ ᠨᠢ ᠪᠠᠶ᠋ᠬᠠᠠᠤᠸᠠ ᠪᠠᠯᠭᠠᠰᠤᠨ ᠤ ᠲᠠᠯ᠎ᠠ ᠨᠤᠳᠤᠭ ᠤᠨ ᠨᠤᠮ ᠤᠨ ᠦᠷᠦᠭᠡ ᠶᠢᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠦ᠂ ᠨᠤᠮ ᠤᠨ ᠦᠷᠦᠭᠡ ᠶᠢᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠦ᠂ ᠨᠤᠮ  ᠤᠨ ᠦᠷᠦᠬᠡ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠨ᠂ ᠤᠯᠠᠨ ᠵᠦᠢᠯ ᠤᠨ ᠰᠤᠷᠤᠯᠴᠠᠬᠤ ᠠᠷᠭ᠎ᠠ ᠮᠠᠶ᠋ᠢᠭ ᠢᠶᠠᠷ ᠤᠯᠠᠨ ᠲᠦᠮᠡᠨ ᠤ ᠠᠳᠠᠯᠢ ᠪᠤᠰᠤ ᠰᠤᠶᠤᠯ ᠤᠨ ᠬᠡᠷᠡᠭᠴᠡᠭᠡ ᠶᠢ ᠬᠠᠩᠭᠠᠨ ᠦᠭᠴᠦ᠂ ᠦᠨᠡᠨᠬᠦ ᠮᠠᠯᠴᠢᠨ ᠲᠦᠮᠡᠨ ᠤ ︽ᠤᠶᠤᠨ ᠤ ᠬᠦᠨᠡᠰᠦᠨ ᠤ ᠬᠦᠮᠦᠷᠭᠡ︾ ᠪᠤᠯᠤᠭᠰᠠᠨ ᠢ ᠬᠠᠷᠠᠭᠤᠯᠵᠦ ᠴᠢᠳᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号