ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠲᠤᠯᠠᠭᠠᠨ ᠭᠡᠷ ᠨᠡᠶᠢᠭᠡᠮ ᠲᠤᠭᠤᠷᠢᠭ ᠲᠤ ᠦᠨᠳᠦᠰᠦᠳᠡᠨ ᠤ ᠲᠤᠷᠦ ᠶᠢᠨ ᠪᠤᠳᠤᠯᠭ᠎ᠠ ᠶᠢ ᠤᠬᠠᠭᠤᠯᠬᠤ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/9/16
      9 ᠰᠠᠷ᠎ᠠ ᠶᠢᠨ15 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠲᠤᠯᠠᠭᠠᠨ ᠭᠡᠷ ᠨᠡᠶᠢᠭᠡᠮ ᠲᠤᠭᠤᠷᠢᠭ ᠲᠤ ᠬᠦᠷᠴᠦ᠂ ︽ᠨᠡᠶᠢᠳᠡᠯᠢᠭ ᠬᠡᠯᠡ ᠶᠢ ᠲᠡᠯᠭᠡᠷᠡᠭᠦᠯᠦᠨ ᠲᠦᠭᠡᠮᠡᠯᠵᠢᠭᠦᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ  ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ
微信图片_20220916110432.jpg
      ᠠᠵᠢᠯᠯᠠᠭ᠎ᠠ ᠳᠤ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠳᠠᠳ ᠠᠴᠠ ᠰᠠᠭᠤᠭᠠᠯᠢ ᠠᠷᠠᠳ  ᠲᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠥᠯᠢ︾ ᠶᠢ ᠬᠡᠷᠡᠭᠵᠢᠭᠦᠯᠬᠦ ᠠᠷᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ  ᠤᠨ ᠲᠦᠷᠢᠮ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ ᠰᠢ ᠶᠢᠨ ᠫᠢᠩ ᠶᠡᠷᠦᠩᠭᠡᠢ ᠱᠦᠵᠢ ᠶᠢᠨ ᠦᠨᠳᠦᠰᠦᠳᠡᠨ ᠤ ᠠᠵᠢᠯ ᠢ ᠴᠢᠩᠭᠠᠳᠬᠠᠨ‌‍ᠰᠠᠶᠢᠵᠢᠷᠠᠭᠤᠯᠬᠤ ᠴᠢᠬᠤᠯᠠ  ᠦᠵᠡᠯ ᠰᠠᠨᠠᠭ᠎ᠠ᠂ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠵᠡᠷᠭᠡ ᠲᠤᠭᠤᠷᠢᠨ ᠳᠤ ᠬᠦᠨᠵᠡᠭᠡᠢ ᠪᠦᠬᠡᠳ ᠤᠨᠤᠪᠴᠢᠳᠠᠢ ᠲᠠᠶᠢᠯᠪᠤᠷᠢᠯᠠᠭᠰᠠᠨ ᠪᠠᠶᠢᠨ᠎ᠠ᠃
      ᠤᠬᠠᠭᠤᠯᠭ᠎ᠠ ᠪᠠᠷ ᠲᠠᠮᠵᠢᠭᠤᠯᠤᠨ᠂ ᠰᠠᠭᠤᠭᠠᠯᠢ ᠲᠤᠭᠤᠷᠢᠭ ᠤᠨ ᠡᠯ᠎ᠡ ᠦᠨᠳᠦᠰᠦᠳᠡᠨ ᠤ ᠠᠷᠠᠳ ᠲᠦᠮᠡᠨ ᠤ ᠡᠬᠡ ᠤᠷᠤᠨᠴᠢ ᠦᠵᠡᠯ ᠤᠨ ᠬᠦᠮᠦᠵᠢᠯ᠂ ᠦᠨᠳᠦᠰᠦᠳᠡᠨ ᠤ ᠪᠦᠯᠬᠦᠮᠳᠡᠯ ᠤᠨ ᠬᠦᠮᠦᠵᠢᠯ ᠢ ᠬᠦᠨᠵᠡᠭᠡᠶᠢᠷᠡᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯ ᠲᠠᠢ ᠨᠡᠶᠢᠬᠡᠨ ᠵᠢᠷᠤᠮ ᠤᠨ ᠦᠨᠳᠦᠰᠦᠳᠡᠨ ᠤ ᠬᠠᠷᠢᠴᠠᠭ᠎ᠠ᠂ ᠲᠤᠮᠳᠠᠳᠦ ᠶᠢᠨ ᠦᠨᠳᠦᠰᠦᠳᠡᠨ ᠠᠨᠠᠷ ᠤᠨ ᠦᠷ᠎ᠡ ᠮᠡᠳᠦ ᠨᠢᠠᠠᠳᠠᠷᠠᠨ ᠪᠦᠯᠬᠦᠮᠳᠡᠬᠦ ᠤᠶᠢᠯᠠᠭᠠᠭᠳᠠᠬᠤᠨ ᠢ ᠬᠦᠨᠵᠡᠭᠡᠶᠢᠷᠡᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号