ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ ︽ᠦᠪᠦᠷ ᠮᠤᠩᠭᠤᠯ ᠢᠶᠠᠨ ᠬᠠᠶᠢᠷᠠᠯᠠᠵᠦ᠂ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ ᠳᠤ ᠪᠢ ᠤᠮᠠᠷᠠᠳᠦ ᠬᠢᠯᠢ ᠳᠤ ᠭᠡᠷᠡᠯ ᠬᠢᠯᠪᠠᠭ᠎ᠠ ᠨᠠᠮᠡᠷᠢᠯᠡᠨ᠎ᠡ ᠬᠡᠬᠦ ᠦᠨᠳᠦᠰᠦᠳᠡᠨ ᠤ ᠪᠦᠯᠬᠦᠮᠳᠡᠯ ᠤᠨ ᠦᠯᠢᠭᠡᠷ︾ ᠢ ᠤᠬᠤᠷ ᠪᠢᠴᠢᠯᠭᠡ ᠪᠠᠷ ᠲᠦᠪᠯᠡᠷᠡᠭᠦᠯᠦᠨ ᠦᠵᠡᠭᠰᠡᠨ
ᠨᠡᠶᠢᠲᠡᠯᠡᠭᠰᠡᠨ ᠴᠠᠭ᠄
2022/9/2
      ︽ᠦᠪᠦᠷ ᠮᠤᠩᠭᠤᠯ ᠢᠶᠠᠨ ᠬᠠᠶᠢᠷᠠᠯᠠᠵᠦ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ ᠳᠤ ᠪᠢ ᠤᠮᠠᠷᠠᠳᠦ ᠬᠢᠯᠢ ᠳᠤ ᠭᠡᠷᠡᠯ ᠬᠢᠯᠪᠠᠭ᠎ᠠ ᠨᠡᠮᠡᠷᠢᠯᠡᠨ᠎ᠡ︾ ᠭᠡᠬᠦ ᠪᠢᠴᠢᠯᠭᠡ ᠶᠢ ᠰᠢᠩᠭᠡᠭᠡᠨ ᠦᠢᠯᠡᠳᠦᠭᠰᠡᠨ ᠨᠢ ᠰᠢᠨ᠎ᠡ ᠴᠠᠭ ᠦᠶ᠎ᠡ  ᠳᠤ ᠨᠠᠮ ᠤᠨ ᠦᠨᠳᠦᠰᠦᠳᠡᠨ ᠤ ᠠᠵᠢᠯ ᠢ ᠭᠦᠨᠵᠡᠭᠡᠢ ᠨᠠᠷᠢᠯᠢᠭ ᠪᠤᠳᠠᠳᠠᠶᠢᠵᠢᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠴᠢᠬᠤᠯᠠ ᠠᠴᠢᠶᠠᠯᠠᠪᠤᠷᠢ ᠶᠢᠨ ᠨᠢᠭᠡ ᠪᠤᠯᠤᠨ᠎ᠠ᠃ ᠮᠦᠨ ᠴᠦ ᠵᠠᠯᠠᠭᠤᠴᠤᠳ ᠤᠨ ᠲᠤᠷ᠎ᠠ ᠪᠠᠬ᠎ᠠ ᠲᠠᠢ ᠦᠭᠡ ᠶᠠᠷᠢᠶ᠎ᠠ ᠪᠠ ᠠᠷᠭ᠎ᠠ ᠬᠡᠯᠪᠡᠷᠢ ᠪᠠᠷ ᠵᠠᠯᠠᠭᠤᠴᠣᠳ ᠪᠠᠭᠠᠴᠣᠳ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠰᠠᠶᠢᠳᠤᠷ ᠬᠢᠬᠦ ᠶᠢᠨ ᠴᠢᠬᠤᠯᠠ ᠶᠠᠪᠤᠳᠠᠯ ᠮᠦᠨ᠃
微信图片_20220901094245.jpg
      8 ᠰᠠᠷ᠎ᠠ ᠶᠢᠨ30 ᠤ ᠡᠳᠦᠷ ᠦᠳᠡ ᠶᠢᠨ ᠡᠮᠦᠨ᠎ᠡ ᠦᠬᠡᠷᠬᠤᠳᠳᠤᠭ ᠪᠠᠭ᠎ᠠ ᠰᠤᠷᠭᠠᠭᠤᠯᠢ ᠪᠦᠬᠦ ᠰᠤᠷᠤᠭᠴᠢᠳ ᠢᠶᠠᠨ ᠵᠤᠬᠢᠶᠠᠨ ᠪᠠᠶᠢᠭᠤᠯᠤᠨ ᠠᠩᠬᠠᠳᠤᠭᠠᠷ ᠬᠤᠭᠤᠴᠠᠭᠠᠨ ᠤ ︽ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ ᠶᠢᠨ ᠡᠷᠬᠢᠯᠳᠡ︾ ᠬᠡᠬᠦ ᠤᠬᠤᠷ ᠪᠢᠴᠢᠯᠭᠡ ᠶᠢ ᠰᠤᠨᠢᠷᠬᠠᠭᠤᠯᠵᠦ᠂ ᠰᠤᠷᠤᠭᠴᠢᠳ ᠢᠶᠠᠷ ᠦᠪᠡᠷ ᠤᠨ ᠤᠯᠤᠯᠳᠠ ᠲᠦᠷᠦᠭᠳᠡᠯ ᠢ ᠨᠢ ᠶᠠᠷᠢᠭᠤᠯᠪᠠ᠃ ᠰᠤᠷᠤᠭᠴᠢ ᠯᠤ᠋ ᠰᠢᠶᠠᠨ᠄ ︽ᠪᠠᠭ᠎ᠠ ᠰᠤᠷᠭᠠᠭᠤᠯᠢ ᠶᠢᠨ ᠰᠤᠷᠤᠭᠴᠢ ᠪᠤᠯᠤᠭᠰᠠᠨ ᠤ ᠬᠤᠪᠢ ᠳᠤ ᠰᠢᠷᠭᠠᠭᠤ ᠬᠠᠳᠠᠭᠤᠵᠢᠯᠳᠡᠢ ᠴᠢᠷᠮᠠᠶᠢᠨ ᠰᠤᠷᠤᠯᠴᠠᠵᠦ᠂ ᠠᠮᠢᠳᠤᠷᠠᠯ ᠲᠤᠮᠳᠠ ᠪᠠᠨ ᠨᠠᠮ  ᠤᠨ ᠬᠡᠰᠢᠬᠦᠨ ᠢᠶᠠᠷ ᠦᠯᠢᠭᠡᠷ ᠲᠠᠭᠤᠷᠢᠶᠠᠯ ᠪᠤᠯᠭᠠᠨ ᠢᠷᠡᠭᠡᠳᠦᠢ ᠳᠤ ᠲᠡᠳᠡᠨ ᠲᠠᠢ ᠠᠳᠠᠯᠢ ᠨᠢᠭᠡ ᠰᠡᠳᠭᠢᠯ ᠨᠢᠭᠡ ᠵᠤᠷᠢᠭ ᠢᠶᠠᠷ ᠬᠠᠷᠠᠮ ᠦᠭᠡᠢ ᠵᠢᠳᠭᠦᠵᠦ᠂ ᠡᠬᠡ ᠤᠷᠤᠨ ᠳᠤ ᠪᠠᠨ ᠬᠦᠴᠦ ᠪᠠᠨ ᠡᠷᠭᠦᠭᠦ ᠬᠦᠮᠦᠨ ᠪᠤᠯᠤᠨ᠎ᠠ︾ ᠬᠡᠵᠦ ᠶᠠᠷᠢᠵᠦ ᠪᠠᠶᠢᠯ᠎ᠠ᠃      ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠡᠯ᠎ᠡ ᠵᠢᠭᠠᠨ ᠵᠢᠯᠤᠭᠤᠳᠤᠭᠴᠢ ᠪᠠᠭᠰᠢ᠂ ᠪᠠᠭᠠᠴᠣᠳ  ᠤᠨ ᠬᠤᠰᠢᠭᠤᠴᠢ ᠠᠩᠭᠢ ᠶᠢᠨ ᠬᠡᠰᠢᠭᠦᠳ8 ᠰᠠᠷ᠎ᠠ ᠶᠢᠨ30 ᠤ ᠦᠳᠡ ᠶᠢᠨ ᠡᠮᠦᠨᠡᠬᠢ9᠄00 ᠴᠠᠭ ᠲᠤ ᠪᠧᠨ ᠲᠧᠩ ᠬᠠᠮ ᠵᠠᠭᠤᠴᠢᠯᠠᠭᠤᠷ ᠤᠨ ᠲᠠᠪᠴᠠᠩ ᠢᠶᠠᠷ ᠰᠢᠭᠤᠳ ᠨᠡᠪᠳᠡᠷᠡᠭᠦᠯᠦᠭᠰᠡᠨ ︽ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ ᠳᠤ ᠪᠢ ᠤᠮᠠᠷᠠᠳᠦ ᠬᠢᠯᠢ ᠳᠤ ᠭᠡᠷᠡᠯ ᠬᠢᠯᠪᠠᠭ᠎ᠠ ᠨᠠᠮᠡᠷᠢᠯᠡᠨ᠎ᠡ ᠬᠡᠭᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠤᠨ ᠦᠯᠢᠭᠡᠷ︾ ᠢ ᠤᠬᠤᠷ ᠪᠢᠴᠢᠯᠭᠡ ᠪᠠᠷ ᠨᠠᠷᠢᠨ ᠬᠢᠨᠠᠮᠠᠭᠠᠢ ᠦᠵᠡᠨ ᠰᠤᠨᠢᠷᠬᠠᠪᠠ᠃ ᠡᠭᠦᠨ ᠢᠶᠠᠷ ᠲᠠᠮᠵᠢᠨ ᠪᠠᠭᠰᠢ ᠰᠤᠷᠤᠭᠴᠢᠳ ᠪᠠᠭᠰᠢ ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ ᠶᠢᠨ ᠦᠯᠢᠭᠡᠷ ᠵᠢᠴᠢ ᠪᠤᠭᠤᠳᠦ ᠶᠢᠨ ᠪᠤᠯᠤᠳ ᠲᠡᠮᠦᠷ ᠤᠨ ᠺᠤᠮᠫᠠᠨᠢ ᠶᠢᠨ ᠦᠪᠦᠷ ᠮᠤᠩᠭᠤᠯ ᠤᠨ ᠪᠦᠳᠦᠭᠡᠨ ᠪᠠᠶᠢᠭᠤᠯᠯᠤᠳᠠ ᠳᠤ ᠨᠡᠮᠡᠷᠢᠯᠡᠭᠰᠡᠨ ᠢᠷᠠᠭᠤ ᠠᠯᠳᠠᠷ ᠢ ᠨᠡᠩ ᠭᠦᠨᠵᠡᠭᠡᠢ ᠤᠶᠢᠯᠠᠭᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号