︽ᠲᠠᠭᠱᠢᠨ ᠲᠠᠩᠰᠤᠭ ᠲᠠᠷᠬᠠᠨ ᠮᠤᠤᠮᠢᠩᠭᠠᠨ︾ — ᠮᠢᠩᠭᠠᠨ ᠨᠤᠳᠤᠭ
ᠨᠡᠶᠢᠲᠡᠯᠡᠭᠰᠡᠨ ᠴᠠᠭ᠄
2022/9/20
      ᠮᠢᠩᠭᠠᠨ ᠪᠠᠯᠭᠠᠰᠤ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠦᠪ ᠪᠠᠳᠤᠬᠠᠭᠠᠯᠭ᠎ᠠ ᠪᠠᠯᠭᠠᠰᠤᠨ ᠠᠴᠠ ᠪᠠᠷᠠᠭᠤᠨ ᠬᠤᠶᠢᠰᠢ73 ᠺᠢᠯᠤᠮᠧᠲᠷ ᠵᠠᠶᠢᠳᠠᠢ ᠪᠠᠶᠢᠷᠰᠢᠵᠦ᠂2491 ᠲᠡᠭᠰᠢ ᠲᠦᠷᠪᠡᠯᠵᠢᠨ ᠺᠢᠯᠤᠮᠧᠲᠷ ᠲᠠᠯᠠᠪᠠᠢ ᠲᠠᠢ ᠭᠠᠵᠠᠷ ᠨᠤᠳᠤᠭ ᠲᠤ ᠪᠠᠨ ᠮᠤᠩᠭᠤᠯ ᠦᠨᠳᠦᠰᠦᠳᠡᠨ ᠢᠶᠠᠷ ᠭᠤᠤᠯ ᠪᠤᠯᠭᠠᠭᠰᠠᠨ ᠬᠢᠳᠠᠳ᠂ ᠬᠤᠳᠤᠩ᠂ ᠮᠠᠨᠵᠦ ᠵᠡᠷᠭᠡ ᠤᠯᠠᠨ ᠦᠨᠳᠦᠰᠦᠳᠡᠨ ᠤᠷᠤᠰᠢᠨ ᠠᠮᠢᠳᠤᠷᠠᠵᠦ ᠪᠠᠶᠢᠳᠠᠭ ᠰᠠᠶᠢᠬᠠᠨ ᠨᠤᠳᠤᠭ ᠪᠢᠯᠡ᠃      ᠮᠢᠩᠭᠠᠨ ᠨᠤᠳᠤᠭ ᠪᠤᠯ ᠤᠤᠯ ᠲᠡᠥᠬᠡᠨ ᠠᠴᠠ ᠪᠠᠨ ᠠᠭᠤᠯᠠ ᠤᠰᠤᠨ ᠤ ᠦᠵᠡᠮᠵᠢ ᠪᠦᠷᠢᠳᠦᠭᠰᠡᠨ ᠦᠵᠡᠰᠭᠦᠯᠡᠩᠳᠦ ᠰᠠᠶᠢᠬᠠᠨ ᠨᠤᠳᠤᠭ ᠶᠤᠮ᠃ ᠠᠳᠡ ᠦᠷᠭᠡᠨ ᠬᠠᠩᠭᠠᠢ ᠲᠠᠯ᠎ᠠ ᠬᠦᠨᠳᠡᠢ᠂ ᠦᠨᠳᠦᠷ ᠰᠦᠷᠯᠢᠭ ᠠᠭᠤᠯᠠ ᠬᠠᠶᠢᠷᠬᠠᠳ᠂ ᠤᠨᠳᠤᠷᠤᠯ ᠰᠠᠶᠢᠳᠠᠢ ᠭᠤᠤᠯ ᠭᠤᠷᠤᠬ᠎ᠠ᠂ ᠰᠢᠮ᠎ᠡ ᠰᠠᠶᠢᠳᠠᠢ ᠡᠪᠡᠰᠦ ᠤᠷᠭᠤᠮᠠᠯ ᠪᠠᠶᠢᠳᠠᠭ  ᠢᠶᠠᠷ ᠢᠶᠠᠨ ᠨᠡᠭᠦᠳᠡᠯᠴᠢᠨ ᠤᠭᠰᠠᠭᠠᠨ ᠤ ᠮᠠᠯᠵᠢᠬᠤ ᠠᠮᠢᠳᠤᠷᠠᠯ ᠤᠨ ᠲᠤᠬᠢᠷᠠᠮᠵᠢᠳᠦ ᠤᠷᠤᠨ ᠪᠤᠯᠵᠦ᠂ ᠬᠦᠮᠦᠨ ᠪᠠᠶᠢᠭᠠᠯᠢ ᠶᠢᠨ ᠵᠤᠬᠢᠴᠠᠯ ᠢ ᠬᠠᠷᠠᠭᠤᠯᠵᠦ ᠴᠢᠳᠠᠭᠰᠠᠨ ᠢᠶᠠᠷ ᠢᠶᠠᠨ ︽ᠪᠠᠶᠢᠭᠠᠯᠢ ᠶᠢᠨ ᠴᠡᠴᠡᠷᠯᠢᠭ︾ ᠬᠡᠮᠡᠨ ᠠᠯᠳᠠᠷᠰᠢᠭᠰᠠᠨ ᠪᠢᠯᠡ᠃
微信图片_20220920092324.png
      ᠮᠢᠩᠭᠠᠨ ᠨᠤᠳᠤᠭ ᠨᠢ ᠪᠠᠰᠠ ᠬᠦᠨ ᠵᠤᠵᠠᠭᠠᠨ ᠰᠤᠶᠤᠯ ᠲᠡᠥᠬᠡ ᠶᠢᠨ ᠤᠯᠠ ᠮᠦᠷ ᠢ ᠬᠠᠳᠠᠭᠠᠯᠠᠭᠰᠠᠨ ᠪᠠᠶᠢᠳᠠᠭ᠃ ᠵᠢᠱᠢᠶᠡᠯᠡᠪᠡᠯ᠄ ᠬᠠᠪᠤᠳᠤ ᠬᠠᠰᠠᠷ ᠤᠨ ᠲᠠᠬᠢᠯᠭ᠎ᠠ ᠶᠢᠨ ᠤᠷᠳᠤᠨ᠂ ᠬᠠᠨ ᠤᠯᠤᠰ ᠤᠨ ᠤᠷᠳᠦ ᠴᠠᠭᠠᠨ ᠬᠡᠷᠡᠮ᠂ ᠰᠢᠷᠠᠴᠢᠯᠠᠭᠤ ᠰᠦᠮ᠎ᠡ ᠵᠡᠷᠭᠡ ᠦᠨ᠎ᠡ ᠴᠠᠨ᠎ᠠ ᠲᠠᠢ ᠡᠷᠳᠡ ᠡᠳᠦᠭᠡ ᠶᠢᠨ ᠰᠤᠶᠤᠯ ᠲᠡᠥᠬᠡ ᠶᠢᠨ ᠦᠯᠡᠳᠡᠭᠳᠡᠯ  ᠲᠠᠢ ᠪᠢᠯᠡ᠃ ᠬᠠᠪᠤᠳᠤ ᠬᠠᠰᠠᠷ ᠤᠨ ᠲᠠᠬᠢᠯᠭ᠎ᠠ ᠶᠢᠨ ᠤᠷᠳᠤᠨ᠂ ᠬᠠᠨ ᠤᠯᠤᠰ ᠤᠨ ᠤᠷᠳᠤ ᠴᠠᠭᠠᠨ ᠬᠡᠷᠡᠮ᠂ ᠰᠢᠷᠠᠴᠢᠯᠠᠭᠤ ᠰᠦᠮ᠎ᠡ᠂ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠬᠠᠭᠤᠴᠢᠨ ᠰᠠᠭᠤᠴᠠ ᠵᠡᠷᠭᠡ ᠲᠠᠪᠤᠨ ᠬᠠᠭᠤᠴᠢᠨ ᠪᠠᠷᠢᠯᠭ᠎ᠠ ᠦᠯᠡᠳᠡᠭᠳᠡᠯ ᠨᠢ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ  ᠲᠠᠢ ᠲᠡᠦᠬᠡ ᠶᠢᠨ ᠲᠤᠷᠠᠰᠬᠠᠯᠳᠦ ᠵᠦᠢᠯᠡᠰ ᠢ ᠬᠠᠮᠠᠭᠠᠯᠠᠬᠤ ᠨᠢᠭᠡᠴᠡ ᠪᠤᠯᠤᠭᠰᠠᠨ ᠢᠶᠠᠷ ᠪᠠᠷᠠᠬᠤ ᠦᠭᠡᠢ ᠬᠠᠷ᠎ᠠ ᠲᠠᠭ᠎ᠠ  ᠶᠢᠨ ᠬᠠᠳᠠᠨ ᠵᠢᠷᠤᠭ᠂ ᠵᠢᠩ ᠤᠨ ᠴᠤᠪᠤᠭ᠎ᠠ᠂ ᠲᠡᠯᠭᠡᠷᠬᠤᠸᠠ ᠶᠢᠨ ᠬᠠᠳᠠᠨ ᠵᠢᠷᠤᠭ ᠵᠡᠷᠭᠡ ᠲᠤᠯᠤᠭᠠᠨ ᠬᠠᠭᠤᠴᠢᠨ ᠤ ᠦᠯᠡᠳᠡᠭᠳᠡᠯ ᠨᠢ ᠨᠢᠭᠡᠨᠳᠡ ᠪᠤᠭᠤᠳᠦ ᠬᠤᠳᠠ ᠶᠢᠨ ᠭᠤᠤᠯᠳᠠᠯᠭ᠎ᠠ ᠲᠠᠢ ᠲᠡᠥᠬᠡ ᠶᠢᠨ ᠲᠤᠷᠠᠰᠬᠠᠯᠳᠦ ᠵᠦᠢᠯᠡᠰ ᠢ ᠬᠠᠮᠠᠭᠠᠯᠠᠬᠤ ᠨᠢᠭᠡᠴᠡ ᠪᠤᠯᠤᠭᠰᠠᠨ ᠪᠠᠶᠢᠨ᠎ᠠ᠃ ᠮᠦᠨ ᠴᠦ2004 ᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠯᠠᠭᠤᠴᠣᠳ ᠤᠨ ᠶᠤᠰᠤ ᠰᠤᠷᠳᠠᠬᠤᠨ ᠤ ᠬᠦᠮᠦᠵᠢᠯ ᠤᠨ ᠰᠠᠭᠤᠷᠢᠨ ᠭᠠᠵᠠᠷ ᠨᠢ ᠮᠠᠨ ᠤ ᠬᠤᠰᠢᠭᠤ ᠬᠢᠬᠡᠳ ᠪᠤᠭᠤᠳᠦ ᠬᠤᠳᠠ ᠶᠢᠨ ᠦᠷᠭᠡᠨ ᠤᠯᠠᠨ ᠵᠠᠯᠠᠭᠤᠴᠤᠳ ᠪᠠᠭᠠᠴᠤᠳ ᠤᠨ ᠶᠤᠰᠤ ᠰᠤᠷᠳᠠᠬᠤᠨ ᠤ ᠬᠦᠮᠦᠵᠢᠯ  ᠤᠨ ᠰᠤᠷᠭᠠᠨ ᠬᠦᠮᠦᠵᠢᠯ ᠤᠨ ᠬᠦᠳᠡᠯᠭᠡᠭᠡᠨ ᠤ ᠴᠢᠬᠤᠯᠠ ᠰᠠᠭᠤᠷᠢᠨ ᠭᠠᠵᠠᠷ ᠪᠤᠯᠤᠭᠰᠠᠨ ᠪᠠᠶᠢᠨ᠎ᠠ᠃ ᠮᠢᠩᠭᠠᠨ ᠨᠤᠳᠤᠭ ᠨᠢ ᠮᠦᠨ ᠴᠦ ᠡᠷᠳᠡ ᠲᠡᠭᠡᠳᠦ ᠠᠴᠠ ᠪᠠᠨ ᠬᠤᠪᠢᠰᠬᠠᠯᠳᠦ ᠬᠦᠮᠦᠰ ᠤᠨ ᠦᠯᠦᠭᠡᠢ ᠪᠤᠯᠤᠭᠰᠠᠭᠠᠷ ᠢᠷᠡᠭᠰᠡᠨ ᠪᠠᠭᠠᠳᠤᠷᠯᠢᠭ ᠨᠤᠳᠤᠭ ᠶᠤᠮ᠃ ᠶᠠᠫᠤᠨ ᠢ ᠡᠰᠡᠷᠭᠦᠴᠡᠭᠰᠡᠨ ᠡᠮᠡᠭᠳᠡᠢ ᠪᠠᠭᠠᠳᠤᠷ ᠷᠢᠨᠴᠢᠨᠳᠠᠯᠠᠢ᠂ ᠤᠯᠤᠰ ᠤᠷᠤᠨ ᠳᠤ ᠪᠠᠨ ᠲᠠᠨᠢᠭᠳᠠᠭᠰᠠᠨ ᠨᠡᠶᠢᠳᠡ ᠶᠢᠨ ᠬᠦᠷᠦᠩᠭᠡ ᠶᠢ ᠬᠠᠮᠠᠭᠠᠯᠠᠭᠰᠠᠨ ᠡᠭᠡᠴᠢ ᠦᠬᠢᠨ ᠲᠡᠭᠦᠦ ᠯᠦᠩ ᠮᠸᠢ᠂ ᠢᠦᠢ ᠷᠦᠩ ᠵᠡᠷᠭᠡ ᠬᠤᠪᠢᠰᠬᠠᠯᠳᠦ ᠪᠠᠭᠠᠳᠤᠷᠴᠣᠳ ᠴᠦᠮ ᠮᠢᠩᠭᠠᠨ ᠨᠤᠳᠤᠭ ᠠᠴᠠ ᠴᠤᠯᠭᠤᠷᠠᠨ ᠭᠠᠷᠤᠭᠰᠠᠨ ᠪᠢᠯᠡ᠃
微信图片_20220920092331.png
      ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ ᠶᠢᠨ ᠬᠠᠭᠤᠴᠢᠨ ᠰᠠᠭᠤᠴᠠ ᠵᠡᠷᠭᠡ ᠬᠤᠪᠢᠰᠬᠠᠯ ᠤᠨ ᠰᠠᠭᠤᠷᠢᠨ ᠪᠠᠶᠢᠳᠠᠭ ᠠᠴᠠ ᠡᠨᠡ ᠵᠢᠯ ᠤᠨ ᠨᠠᠢᠮᠠᠨ ᠰᠠᠷ᠎ᠠ ᠳᠤ ᠤᠯᠤᠰ ᠤᠨ ᠲᠡᠥᠬᠡ ᠶᠢᠨ ᠲᠤᠷᠠᠰᠬᠠᠯᠳᠦ ᠵᠦᠢᠯᠡᠰ ᠤᠨ ᠲᠤᠪᠴᠢᠶ᠎ᠠ ᠪᠤᠯᠤᠨ ᠤᠯᠤᠰ ᠤᠨ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ  ᠶᠢᠨ ᠨᠡᠶᠢᠳᠡᠯᠡᠭᠰᠡᠨ ᠠᠩᠬᠠᠨ ᠤ ᠪᠦᠯᠦᠭ12 ᠨᠡᠷᠡᠰ ︽ᠬᠤᠪᠢᠰᠬᠠᠯᠳᠦ ᠲᠠᠯ᠎ᠠ ᠨᠤᠳᠤᠭ︾ ᠨᠡᠷᠡᠰ ᠲᠤ ᠮᠢᠩᠭᠠᠨ ᠤ ᠲᠠᠯ᠎ᠠ ᠨᠤᠳᠤᠭ ᠤᠷᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号