ᠨᠠᠮ ᠤᠨ ᠲᠤᠶᠠᠭᠠᠯᠠᠯ ᠬᠢᠯᠢ ᠨᠤᠳᠤᠭ ᠢ ︽ᠬᠡᠷᠡᠯᠳᠦᠭᠦᠯᠦᠨ᠎ᠡ︾
ᠨᠡᠶᠢᠲᠡᠯᠡᠭᠰᠡᠨ ᠴᠠᠭ᠄
2022/9/22
      ᠵᠢᠪᠬᠤᠯᠠᠩᠳᠦ ᠭᠠᠴᠠᠭ᠎ᠠ ᠪᠤᠯ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠶᠢᠨ ᠪᠠᠯᠭᠠᠰᠤ ᠪᠤᠯᠬᠤ ᠪᠠᠶ᠋ᠬᠠᠠᠤᠸᠠ ᠪᠠᠯᠭᠠᠰᠤᠨ ᠤ2 ᠬᠢᠯᠢ ᠶᠢᠨ ᠭᠠᠴᠠᠭ᠎ᠠ ᠶᠢᠨ ᠨᠢᠭᠡ ᠪᠤᠯᠤᠨ᠎ᠠ᠃ ᠶᠡᠷᠦᠩᠭᠡᠢ ᠲᠠᠯᠠᠪᠠᠢ ᠨᠢ140.5 ᠲᠦᠮᠡᠨ ᠮᠦ᠂ ᠬᠢᠯᠢ ᠶᠢᠨ ᠱᠤᠭᠤᠮ ᠤᠨ ᠤᠷᠳᠦ ᠨᠢ17.6 ᠺᠢᠯᠤᠮᠧᠲᠷ᠃ ᠦᠶ᠎ᠡ ᠶᠢᠨ ᠦᠶ᠎ᠡ ᠳᠤ ᠪᠠᠨ ᠮᠠᠯ ᠢᠶᠠᠨ ᠮᠠᠯᠵᠢᠵᠦ ᠠᠮᠢᠳᠤᠷᠠᠭᠰᠠᠨ ᠠᠳᠡᠬᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠨᠢ ᠦᠨᠳᠦᠷ ᠬᠦᠴᠦᠳᠡᠯᠳᠦ ᠴᠠᠬᠢᠯᠭᠠᠨ ᠦᠭᠡᠢ ᠤᠴᠢᠷ ᠠᠴᠠ ᠰᠢᠨ᠎ᠡ ᠬᠡᠯᠪᠡᠷᠢ ᠶᠢᠨ ᠲᠡᠵᠢᠭᠡᠨ ᠦᠷᠡᠵᠢᠭᠦᠯᠬᠦ ᠮᠡᠷᠭᠡᠵᠢᠯ᠂ ᠰᠢᠨ᠎ᠡ ᠴᠠᠭ ᠦᠶ᠎ᠡ  ᠶᠢᠨ ᠤᠳᠤᠬᠢᠴᠢᠯᠠᠭᠰᠠᠨ ᠮᠠᠯ ᠠᠵᠦ ᠠᠬᠤᠢ ᠶᠢᠨ ᠬᠦᠭᠵᠢᠯᠳᠡ ᠨᠢ ᠨᠡᠯᠢᠶᠡᠳ ᠬᠤᠴᠤᠷᠤᠩᠭᠤᠢ ᠪᠠᠶᠢᠳᠠᠭ᠃      ᠡᠨᠡ ᠵᠢᠯ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ470 ᠲᠦᠮᠡᠨ ᠲᠦᠭᠦᠷᠢᠭ ᠤᠨ ᠴᠦᠬᠡᠨ ᠲᠤᠭᠠᠳᠦ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ ᠵᠠᠷᠤᠴᠠᠭᠤᠯᠵᠦ ᠮᠤᠩᠭᠤᠯ ᠤᠯᠤᠰ ᠤᠨ ᠬᠢᠯᠢ  ᠶᠢᠨ ᠱᠤᠭᠤᠮ ᠠᠴᠠ10 ᠺᠢᠯᠤᠮᠧᠲᠷ ᠵᠠᠶᠢᠳᠠᠢ ᠦᠷᠭᠡᠨ ᠠᠭᠤᠳᠠᠮ ᠬᠢᠯᠢ ᠨᠤᠳᠤᠭ ᠤᠨ ᠵᠢᠪᠬᠤᠯᠠᠩᠳᠦ ᠭᠠᠴᠠᠭᠠᠨ  ᠤ22 ᠡᠷᠦᠬᠡ ᠮᠠᠯᠴᠢᠳ ᠲᠤ ᠦᠨᠳᠦᠷ ᠬᠦᠴᠦᠳᠡᠯᠳᠦ ᠴᠠᠬᠢᠯᠭᠠᠨ ᠨᠡᠪᠳᠡᠷᠡᠭᠦᠯᠵᠦ ᠦᠭᠭᠦᠭᠰᠡᠨ ᠪᠠᠶᠢᠨ᠎ᠠ᠃ ᠡᠶᠢᠨᠬᠦ ᠪᠠᠷᠢᠯᠭ᠎ᠠ ᠶᠢᠨ ᠠᠵᠢᠯᠳᠠᠳ ᠤᠨ ᠪᠠᠴᠢᠮ ᠶᠠᠭᠠᠷᠠᠯᠳᠠᠢ ᠠᠵᠢᠯ ᠤᠨ ᠲᠤᠮᠳᠠ ᠴᠠᠬᠢᠯᠭᠠᠨ ᠨᠡᠪᠳᠡᠷᠡᠭᠰᠡᠨ ᠪᠠᠶᠠᠷ ᠤᠨ ᠴᠢᠮᠡᠭᠡ ᠬᠢᠯᠢ ᠨᠤᠳᠤᠭ ᠢᠶᠠᠷ ᠲᠠᠷᠬᠠᠨ᠂ ᠮᠠᠯᠴᠢᠳ ᠲᠤᠭᠳᠤᠯᠤᠭᠰᠠᠨ ᠰᠡᠳᠭᠢᠯᠭᠡ ᠪᠠᠨ ᠲᠠᠷᠤᠵᠦ ᠶᠠᠳᠠᠨ ᠪᠠᠷᠢᠯᠭ᠎ᠠ  ᠶᠢᠨ ᠠᠵᠢᠯᠳᠠᠳ ᠲᠤ ᠰᠦ ᠲᠠᠢ ᠴᠠᠢ ᠴᠠᠭᠠᠨ ᠢᠳᠡᠭᠡ᠂ ᠠᠮᠳᠠᠳᠦ ᠬᠤᠭᠤᠯᠠ ᠪᠡᠯᠡᠳᠭᠡᠨ ᠬᠦᠷᠭᠡᠨ ᠦᠭᠴᠦ᠂ ᠲᠡᠳᠡᠨ ᠳᠤ ︽ᠭᠡᠷᠡᠯᠳᠦ︾ ᠠᠮᠢᠳᠤᠷᠠᠯ ᠢ ᠠᠪᠴᠢᠷᠠᠵᠦ ᠦᠭᠭᠦᠭᠰᠡᠨ ᠳᠤ ᠪᠠᠶᠠᠷᠯᠠᠵᠦ ᠲᠠᠯᠠᠷᠬᠠᠭᠰᠠᠨ ᠰᠡᠳᠬᠢᠯᠭᠡ ᠪᠠᠨ ᠢᠯᠡᠳᠭᠡᠵᠡᠭᠡᠪᠡ᠃
微信图片_20220921092725.jpg
      ᠡᠨᠡ ᠬᠦ ᠬᠢᠯᠢ ᠨᠤᠳᠤᠭ ᠢ ᠭᠡᠷᠡᠯᠳᠦᠭᠦᠯᠦᠭᠰᠡᠨ ︽ᠵᠤᠯ ᠵᠢᠷᠭᠠᠯ ᠤᠨ ᠴᠠᠬᠢᠯᠭᠠᠨ︾ ᠨᠡᠪᠳᠡᠷᠡᠭᠰᠡᠨ ᠨᠢ ᠵᠢᠪᠬᠤᠯᠠᠩᠳᠦ ᠭᠠᠴᠠᠭᠠᠨ ᠤ22 ᠡᠷᠦᠬᠡ ᠮᠠᠯᠴᠢᠳ ᠤᠨ ᠤᠯᠠᠮᠵᠢᠯᠠᠯᠳᠦ ᠲᠡᠵᠢᠭᠡᠨ ᠦᠷᠡᠵᠢᠭᠦᠯᠬᠦ ᠵᠠᠭᠪᠤᠷ ᠢ ᠬᠤᠪᠢᠷᠠᠭᠤᠯᠵᠦ᠂ ᠡᠪᠡᠰᠦ ᠪᠤᠷᠳᠤᠭ᠎ᠠ ᠠᠴᠠ ᠬᠠᠰᠢᠶ᠎ᠠ ᠰᠠᠷᠠᠪᠴᠢ ᠲᠡᠵᠢᠭᠡᠭᠦ ᠠᠴᠠ ᠪᠤᠷᠤᠯᠠᠭᠤᠯᠭ᠎ᠠ ᠳᠤ ᠬᠦᠷᠳᠡᠯ᠎ᠡ ᠮᠠᠰᠢᠨᠴᠢᠯᠠᠯᠳᠠ ᠶᠢ ᠪᠡᠶᠡᠯᠡᠬᠦᠯᠵᠦ ᠤᠳᠤ ᠦᠶ᠎ᠡ ᠶᠢᠨ ᠮᠠᠯ ᠠᠵᠦ ᠠᠬᠤᠢ ᠶᠢᠨ ᠰᠢᠨ᠎ᠡ ᠲᠡᠭᠳᠡᠷ ᠲᠤ ᠭᠠᠷᠬᠤ ᠶᠢ ᠬᠦᠳᠦᠯᠦᠨ ᠲᠠᠭᠠᠭᠤᠯᠵᠦ᠂ ᠬᠢᠯᠢ ᠬᠢᠵᠠᠭᠠᠷ ᠤᠷᠤᠨ ᠤ ᠤᠳᠤᠬᠢᠴᠢᠯᠠᠭᠰᠠᠨ ᠠᠵᠦ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠦ ᠴᠢᠳᠠᠬᠤ ᠪᠤᠯᠤᠨ᠎ᠠ᠃ ᠨᠡᠩ ᠴᠦ ᠬᠢᠯᠢ ᠤᠷᠤᠨ ᠢᠶᠠᠨ ᠰᠠᠬᠢᠨ ᠬᠠᠮᠠᠭᠠᠯᠠᠬᠤ ᠠᠷᠠᠳ ᠲᠦᠮᠡᠨ  ᠤ ᠰᠡᠳᠬᠢᠯ ᠢ ᠬᠡᠷᠡᠯᠳᠦᠭᠦᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠨᠡᠩ ᠪᠠᠳᠤᠳᠬᠠᠨ᠂ ᠡᠬᠡ ᠤᠯᠤᠰ ᠤᠨ ᠤᠮᠠᠷᠠᠳᠦ ᠬᠢᠯᠢ ᠶᠢ ᠰᠠᠬᠢᠨ ᠬᠠᠮᠠᠭᠠᠯᠠᠬᠤ ᠬᠠᠯᠬᠠᠪᠴᠢ ᠶᠢ ᠬᠠᠮᠳᠦ ᠪᠠᠷ ᠴᠤᠭᠴᠠᠯᠠᠨ ᠪᠠᠶᠢᠭᠤᠯᠬᠤ ᠳᠤ ᠡᠷᠴᠢ ᠬᠦᠴᠦ ᠬᠠᠩᠭᠠᠬᠤ ᠪᠤᠯᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号