ᠰᠢ ᠶᠢᠨ ᠫᠢᠩ ᠶᠡᠷᠦᠩᠭᠡᠢ ᠱᠦᠵᠢ ᠶᠢᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠮᠳᠠᠳᠦ ᠶᠢᠨ ᠦᠨᠳᠦᠰᠦᠳᠡᠨ ᠤ | ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ᠂2022 ᠤᠨ ᠤ ᠪᠦᠬᠦ ᠬᠤᠰᠢᠭᠤᠨ ᠤ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠤᠬᠢᠷᠠᠭᠤᠯᠤᠯᠳᠠ ᠶᠤᠰᠤᠭᠠᠷ9 ᠰᠠᠷ᠎ᠠ | ᠶᠢᠨ21 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠦᠪᠦᠷ ᠮᠤᠩᠭᠤᠯ ᠤᠨ ᠹᠧᠩ | ᠢᠦᠢ ᠲᠠᠷᠢᠶᠠᠯᠠᠩ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠳᠤ ︽ᠦᠨᠳᠦᠰᠦᠳᠡᠨ ᠨᠦᠭᠦᠳ ᠪᠦᠯᠬᠦᠮᠳᠡᠨ ᠨᠠᠮ | ᠢᠶᠠᠨ ᠲᠠᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠬᠤ︾ ᠰᠤᠶᠤᠯ ᠢ ᠠᠵᠦ ᠠᠬᠤᠶᠢᠯᠠᠯ | ᠬᠦᠳᠡᠭᠡ ᠲᠤᠰᠬᠤᠨ ᠳᠤ ᠬᠦᠷᠭᠡᠬᠦ ᠭᠤᠤᠯ ᠰᠡᠳᠦᠪᠳᠦ ᠤᠷᠠᠨ ᠰᠠᠶᠢᠬᠠᠨ ᠤ ᠲᠤᠭᠯᠠᠯᠳᠠ ᠶᠢᠨ ᠠᠵᠢᠯᠯᠠᠭ᠎ᠠ | ᠦᠷᠨᠢᠭᠦᠯᠦᠭᠰᠡᠨ ᠪᠠᠶᠢᠨ᠎ᠠ᠃ | | | ᠲᠤᠰ ᠤᠳᠠᠭᠠᠨ ᠤ ᠪᠦᠵᠢᠭ᠂ ᠬᠤᠯᠪᠤᠭ᠎ᠠ᠂ ᠮᠤᠷᠢᠨ ᠬᠤᠭᠤᠷ᠂ ᠡᠷᠡᠭᠳᠡᠢ ᠡᠮᠡᠭᠳᠡᠢ ᠶᠢᠨ ᠭᠤᠴᠤᠯᠠᠯ ᠲᠠᠭᠤᠤ | ᠵᠡᠷᠭᠡ ᠤᠯᠠᠨ ᠵᠦᠢᠯ ᠤᠨ ᠤᠳᠬ᠎ᠠ ᠤᠷᠠᠯᠢᠭ ᠤᠨ ᠭᠤᠶᠢᠳᠠ ᠰᠠᠶᠢᠬᠠᠨ ᠲᠤᠭᠯᠠᠯᠳᠠ ᠨᠢ ᠲᠤᠬᠠᠢ ᠶᠢᠨ ᠲᠠᠯᠠᠪᠤᠷ ᠤᠨ | ᠦᠵᠡᠭᠴᠢᠳ ᠲᠤ ︽ᠰᠤᠶᠤᠯ ᠤᠨ ᠦᠪᠡᠳᠡᠭᠰᠢ ᠨᠠᠶᠢᠷ︾ ᠬᠦᠷᠭᠡᠨ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ | ᠵᠤᠷᠢᠭ ᠰᠠᠨᠠᠭ᠎ᠠ ᠶᠢ ᠦᠪᠡᠷᠮᠢᠴᠡ ᠤᠷ᠎ᠠ ᠠᠪᠢᠶᠠᠰ ᠢᠶᠠᠷ ᠢᠶᠠᠨ ᠢᠯᠡᠷᠡᠭᠦᠯᠵᠦ᠂ ᠬᠦᠨ ᠵᠤᠵᠠᠭᠠᠨ ᠤᠷᠠᠯᠢᠭ ᠤᠨ | ᠨᠦᠯᠦᠭᠡᠯᠡᠬᠦ ᠬᠦᠴᠦᠨ ᠢᠶᠠᠷ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠮᠠᠭᠳᠠᠭᠠᠯ ᠰᠠᠶᠢᠰᠢᠶᠠᠯ ᠢ ᠤᠯᠵᠦ᠂ ᠴᠠᠭ | ᠭᠠᠷᠤᠢ ᠶᠢᠨ ᠲᠤᠭᠯᠠᠯᠳᠠ ᠨᠢ ᠦᠵᠡᠭᠴᠢᠳ ᠤᠨ ᠠᠯᠠᠭ᠎ᠠ ᠲᠠᠰᠢᠯᠳᠠ ᠶᠢᠨ ᠲᠤᠮᠳᠠ ᠦᠨᠳᠦᠷᠯᠡᠭᠰᠡᠨ ᠪᠠᠶᠢᠨ᠎ᠠ᠃ | | | | | | | | | | | | | | | | | | | | | | | |