ᠪᠤᠭᠤᠳᠦ ᠬᠤᠳᠠ ᠶᠢᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠠᠷᠪᠠᠨ ᠲᠠᠪᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ  ᠤᠨ ᠰᠢᠯᠦᠭ ᠤᠨ ᠨᠠᠶᠢᠷ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2022/9/27
      ᠪᠤᠭᠤᠳᠦ ᠬᠤᠳᠠ ᠶᠢᠨ ᠭᠤᠴᠢᠨ ᠶᠢᠰᠦᠳᠦᠭᠡᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ  ᠶᠢᠨ ᠰᠠᠷ᠎ᠠ ᠶᠢᠨ ᠬᠤᠭᠤᠴᠠᠭᠠᠨ ᠳᠤ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠲᠠᠭᠠᠭᠠᠴᠢᠯᠠᠨ ᠡᠷᠬᠢᠯᠡᠭᠰᠡᠨ ᠪᠤᠭᠤᠳᠦ ᠬᠤᠳᠠ ᠶᠢᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ ᠠᠷᠪᠠᠨ ᠲᠠᠪᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ  ᠤᠨ ᠨᠠᠶᠢᠷ9 ᠰᠠᠷ᠎ᠠ ᠶᠢᠨ24 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ  ᠤᠨ ᠲᠦᠪ ᠤᠨ ᠲᠤᠭᠯᠠᠯᠳᠠ ᠶᠢᠨ ᠲᠢᠩᠬᠢᠮ  ᠶᠠᠪᠤᠭᠳᠠᠪᠠ᠃
微信图片_20220927085445.jpg
      ᠲᠤᠰ ᠤᠳᠠᠭᠠᠨ ᠤ ᠰᠢᠯᠦᠭ ᠤᠨ ᠨᠠᠶᠢᠷ ᠨᠢ8 ᠰᠠᠷ᠎ᠠ ᠶᠢᠨ16 ᠤ ᠡᠳᠦᠷ ᠠᠴᠠ ᠡᠬᠢᠯᠡᠨ ᠪᠦᠳᠦᠭᠡᠯ ᠡᠯᠰᠡᠵᠦ᠂ ᠪᠦᠬᠦ ᠤᠷᠤᠨ ᠤ ᠬᠡᠪᠴᠢᠶᠡᠨ ᠠᠴᠠ105 ᠪᠦᠳᠦᠭᠡᠯ ᠴᠤᠭᠯᠠᠵᠦ᠂ ᠠᠩᠬᠠᠨ ᠤ ᠰᠢᠭᠰᠢᠯᠳᠡ ᠪᠠ ᠬᠤᠶᠠᠳᠤᠭᠠᠷ ᠤᠳᠠᠭᠠᠨ ᠤ ᠰᠢᠭᠰᠢᠯᠳᠡ ᠪᠠᠷ ᠲᠠᠮᠵᠢᠨ16 ᠪᠦᠳᠦᠭᠡᠯ ᠢ ᠰᠢᠢᠳᠪᠦᠷᠢᠳᠦ ᠤᠷᠤᠯᠳᠤᠭᠠᠨ ᠳᠤ ᠡᠯᠰᠡᠵᠡᠢ᠃ ᠡᠨᠡᠬᠦ16 ᠪᠦᠳᠦᠭᠡᠯ ᠨᠢ ᠡᠷᠡᠭᠦᠯ ᠰᠠᠷᠠᠭᠤᠯ ᠡᠬᠡ ᠤᠷᠤᠨᠴᠢ ᠦᠵᠡᠯ ᠰᠠᠨᠠᠭ᠎ᠠ ᠲᠠᠢ ᠪᠠᠶᠢᠵᠦ᠂ ᠲᠤᠮᠳᠠᠳᠦ ᠶᠢᠨ ᠦᠨᠳᠦᠰᠦᠳᠡᠨ ᠤ ᠵᠤᠷᠢᠭ ᠰᠠᠨᠠᠭ᠎ᠠ ᠬᠢᠬᠡᠳ ᠰᠢᠨ᠎ᠡ ᠶᠢ ᠡᠭᠦᠳᠬᠦ ᠵᠤᠷᠢᠭ ᠰᠠᠨᠠᠭ᠎ᠠ ᠶᠢ ᠠᠭᠤᠯᠠᠬᠤ᠂ ᠲᠤᠮᠳᠠᠳᠦ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯ ᠢ ᠬᠦᠭᠵᠢᠭᠦᠯᠬᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠠᠷ ᠬᠠᠷᠠᠯᠳᠠ ᠪᠤᠯᠭᠠᠭᠰᠠᠨ ᠰᠢᠯᠢᠳᠡᠭ ᠪᠦᠳᠦᠭᠡᠯ ᠪᠠᠶᠢᠯ᠎ᠠ᠃
微信图片_20220927085451.jpg
      ᠰᠢᠢᠳᠪᠦᠷᠢᠳᠦ ᠤᠷᠤᠯᠳᠤᠭᠠᠨ ᠨᠢ ᠢᠷᠠᠭᠤ ᠨᠠᠶᠢᠷᠠᠭᠴᠢᠳ ᠦᠪᠡᠷ ᠤᠨ ᠪᠦᠳᠦᠭᠡᠯ ᠢᠶᠠᠨ ᠤᠶᠠᠩᠭᠠᠯᠠᠬᠤ ᠬᠡᠯᠪᠡᠷᠢ ᠪᠠᠷ ᠶᠠᠪᠤᠭᠳᠠᠵᠦ᠂ ᠬᠠᠭᠠᠰ ᠡᠳᠦᠷ ᠤᠨ ᠤᠷᠤᠯᠳᠤᠭᠠᠨ ᠢᠶᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠨᠬᠠᠳᠠ ᠰᠤᠮᠤᠨ ᠤ ᠬᠠᠳᠠᠨᠬᠤᠰᠢᠭᠤ ᠭᠠᠴᠠᠭᠠᠨ ᠤ ᠮᠠᠯᠴᠢᠨ ᠢᠷᠠᠭᠤ ᠨᠠᠶᠢᠷᠠᠭᠴᠢ ᠮᠦᠩᠭᠦᠩᠬᠤᠸᠠᠷ ᠨᠠᠶᠢᠷᠠᠭ ᠤᠨ ᠮᠠᠩᠯᠠᠢ ᠳᠤ ᠲᠤᠳᠤᠷᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠢᠩᠭᠠᠨ ᠪᠠᠯᠭᠠᠰᠤᠨ ᠤ ᠮᠠᠯᠴᠢᠨ ᠢᠷᠠᠭᠤ ᠨᠠᠶᠢᠷᠠᠭᠴᠢ ᠭᠠ᠊᠂ ᠪᠢᠯᠢᠭᠪᠡᠭᠠᠳᠤᠷ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠪᠢᠭᠪᠡᠭᠠᠳᠤᠷ ᠬᠤᠶᠠᠷ ᠲᠡᠳ᠋ᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠮᠢᠩᠭᠠᠨ ᠪᠠᠯᠭᠠᠰᠤᠨ ᠤ ᠮᠠᠯᠴᠢᠨ ᠢᠷᠠᠭᠤ ᠨᠠᠶᠢᠷᠠᠭᠴᠢ ᠭᠠ᠊᠂ ᠲᠤᠯᠢᠬᠤᠸᠠᠷ ᠪᠠ ᠮ᠊᠂ ᠡᠷᠳᠡᠨᠢᠪᠠᠳᠦ᠂ ᠵᠠ᠊᠂ ᠰᠠᠶᠢᠬᠠᠨ ᠭᠤᠷᠪᠠᠳᠤᠭᠠᠷ ᠲᠡᠰ ᠲᠤ ᠲᠤᠳᠤᠷᠠᠵᠦ᠂ ᠦᠯᠵᠡᠶᠢᠮᠦ᠋ᠷᠡᠨ᠂ ᠨᠠᠷᠠᠰᠦ ᠵᠡᠷᠭᠡ10 ᠢᠷᠠᠭᠤ ᠨᠠᠶᠢᠷᠠᠭᠴᠢᠳ ᠰᠢᠯᠢᠳᠡᠭ ᠱᠠᠩᠨᠠᠯ ᠢᠶᠠᠷ ᠬᠦᠬᠢᠬᠦᠯᠦᠭᠳᠡᠭᠰᠡᠨ ᠪᠠᠶᠢᠨ᠎ᠠ᠃      ᠦᠳᠡ ᠶᠢᠨ ᠬᠤᠶᠢᠨ᠎ᠠ ᠨᠢ ᠤᠷᠤᠯᠳᠤᠭᠠᠨ ᠳᠤ ᠤᠷᠤᠯᠴᠠᠭᠰᠠᠨ ᠪᠦᠬᠦᠶᠢᠯᠡ ᠬᠦᠮᠦᠰ ᠰᠠᠭᠤᠳᠠᠯ ᠤᠨ ᠬᠤᠷᠠᠯ ᠬᠤᠷᠠᠯᠳᠤᠵᠦ᠂ ᠬᠢᠨᠠᠭᠴᠢᠳ ᠠᠴᠠ ᠤᠷᠤᠯᠴᠠᠭᠰᠠᠳ ᠲᠤ ᠰᠠᠨᠠᠯ ᠵᠦᠪᠯᠡᠯᠭᠡ ᠦᠭᠴᠦ ᠬᠠᠮᠳᠤᠪᠠᠷ ᠲᠤᠰ ᠤᠳᠠᠭᠠᠨ ᠤ ᠰᠢᠵᠢᠷ ᠨᠠᠮᠤᠷ ᠤᠨ ᠰᠢᠯᠦᠭ ᠤᠨ ᠨᠠᠶᠢᠷ ᠤᠨ ᠲᠤᠬᠠᠢ ᠶᠠᠷᠢᠯᠴᠠᠭ᠎ᠠ ᠦᠷᠨᠢᠭᠦᠯᠪᠡ᠃ ᠰᠠᠭᠤᠳᠠᠯ ᠤᠨ ᠬᠤᠷᠠᠯ ᠤᠨ ᠲᠠᠷᠠᠭ᠎ᠠ ᠪᠠᠰᠠ ᠬᠠᠮᠳᠦ ᠪᠠᠷ ᠪᠠᠶ᠋ᠬᠠᠤᠪᠤᠭ᠎ᠠ ᠰᠤᠮᠤᠨ ᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ  ᠶᠢᠨ ᠤᠬᠠᠮᠰᠠᠷ ᠢ ᠪᠠᠳᠤᠳᠬᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ ᠲᠤᠭᠤᠷᠢᠨ ᠦᠵᠡᠭᠰᠡᠨ ᠪᠠᠶᠢᠨ᠎ᠠ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号