ᠴᠠᠭᠠᠨ ᠦᠰᠦ ᠶᠢ ᠦᠭᠳᠡᠭᠡᠬᠦ ᠳᠣᠰᠣᠮ ᠣᠷᠭᠤᠳᠠᠭ ᠤᠤ︖
ᠨᠡᠶᠢᠲᠡᠯᠡᠭᠰᠡᠨ ᠴᠠᠭ᠄
2022/9/28
      ᠴᠠᠭᠠᠨ ᠦᠰᠦ ᠶᠠᠭᠠᠬᠢᠭᠠᠳ ᠣᠯᠠᠮ ᠨᠡᠮᠡᠭᠳᠡᠳᠡᠭ ᠪᠤᠢ︖ ᠵᠠᠷᠢᠮ ᠬᠥᠮᠥᠨ ᠤ ᠦᠵᠡᠬᠦ ᠪᠠᠷ᠂ ᠴᠠᠭᠠᠨ ᠦᠰᠦ  ᠦᠭᠲᠡᠭᠡᠬᠦ ᠳᠣᠰᠣᠮ ᠨᠡᠮᠡᠭᠳᠡᠨ᠎ᠡ ᠬᠡᠵᠦ ᠪᠤᠢ᠃ ᠡᠨᠡ ᠨᠢ ᠡᠰᠢ ᠪᠠᠷᠢᠮᠲᠠ ᠲᠠᠢ ᠤᠤ︖ ᠬᠤᠨᠠᠨ ᠮᠤᠵᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠠᠷᠠᠰᠤᠨ ᠤ ᠡᠮᠨᠡᠯᠬᠡ ᠶᠢᠨ ᠡᠷᠬᠢᠯᠡᠭᠴᠢ ᠡᠮᠴᠢ ᠰᠢᠶᠣᠣ ᠸᠧᠢ ᠷᠦᠩ  ᠬᠡᠯᠡᠬᠦ ᠳᠡᠭᠡᠨ᠂ ᠡᠨᠡ ᠨᠢ ᠶᠠᠮᠠᠷᠴᠦ ᠰᠢᠨᠵᠢᠯᠡᠬᠦ ᠤᠬᠠᠭᠠᠨ ᠤ ᠡᠰᠢ ᠪᠠᠷᠢᠮᠳᠠ ᠦᠬᠡᠢ ᠶᠤᠮ ᠬᠡᠵᠠᠢ᠃                              ᠲᠡᠭᠡᠪᠡᠯ᠂ ᠶᠠᠭᠠᠬᠢᠭᠠᠳ ᠬᠥᠮᠥᠨ ᠤ ᠨᠠᠰᠤ ᠨᠡᠮᠡᠭᠳᠡᠬᠦ ᠶᠢ ᠳᠠᠭᠠᠯᠳᠤᠨ᠂ ᠭᠡᠵᠢᠭᠡ ᠦᠰᠦ ᠨᠢ ᠪᠤᠭᠤᠷᠤᠯᠳᠣᠵᠦ᠂  ᠨᠡᠩ ᠴᠦ ᠵᠠᠯᠠᠭᠤᠴᠤᠳ ᠤᠨ ᠳᠤᠮᠳᠠ ᠪᠤᠭᠤᠷᠤᠯ ᠦᠰᠦ ᠲᠠᠢ ᠬᠥᠮᠥᠨ ᠣᠯᠠᠰᠢᠷᠠᠭᠰᠠᠨ ᠪᠤᠯ︖ ᠡᠭᠦᠨ ᠤ  ᠲᠤᠬᠠᠢ  ᠰᠢᠶᠣᠣ  ᠸᠧᠢ ᠷᠦᠩ ᠬᠡᠯᠡᠬᠦ ᠳᠡᠭᠡᠨ᠂ ᠵᠠᠯᠠᠭᠤ ᠬᠥᠮᠥᠨ ᠤ ᠭᠡᠵᠢᠭᠡ ᠨᠢ ᠳᠠᠰᠦ ᠬᠠᠷ᠎ᠠ ᠪᠠᠶᠢᠳᠠᠭ ᠨᠢ ᠦᠰᠦᠨ ᠤ  ᠤᠭ ᠲᠤ ᠬᠠᠷ᠎ᠠ ᠥᠩᠭᠡᠨ ᠤ ᠡᠳ᠋ ᠪᠠᠶᠢᠳᠠᠭ ᠠᠴᠠ ᠪᠣᠯᠤᠭᠰᠠᠨ ᠶᠤᠮ᠃ ᠨᠠᠰᠦ ᠨᠡᠮᠡᠭᠳᠡᠬᠦ ᠶᠢ ᠳᠠᠭᠠᠯᠳᠤᠨ᠂  ᠦᠩᠬᠡᠨ ᠤ ᠡᠳ᠋ ᠤᠨ ᠢᠳᠡᠪᠬᠢ ᠴᠢᠨᠠᠷ ᠨᠢ ᠪᠠᠭᠤᠷᠠᠵᠤ᠂ ᠠᠭᠠᠵᠢᠮ ᠢᠶᠠᠷ ᠪᠤᠭᠤᠷᠤᠯᠲᠤᠳᠠᠭ ᠶᠤᠮ ᠪᠠᠶᠢᠨ᠎ᠠ᠃ ᠬᠠᠷ᠎ᠠ ᠥᠩᠭᠡᠨ ᠤ ᠡᠳ᠋ ᠡᠭᠦᠰᠬᠦ ᠶᠠᠪᠤᠴᠠ ᠳᠤ ᠵᠡᠰ᠂ ᠴᠠᠶᠢᠷ᠂ ᠲᠡᠮᠦᠷ ᠵᠡᠷᠭᠡ ᠪᠢᠴᠢᠯ ᠡᠯᠧᠮᠧᠨ᠋ᠲ ᠬᠡᠷᠡᠭᠲᠡᠢ᠃  ᠬᠡᠷᠪᠡ ᠬᠦᠮᠦᠨ ᠤ ᠪᠡᠶ᠎ᠡ ᠳᠤ ᠡᠲᠡᠭᠡᠷ ᠡᠯᠧᠮᠧᠨ᠋ᠲ ᠳᠤᠲᠠᠭᠳᠠᠪᠠᠯ᠂ ᠬᠠᠷ᠎ᠠ ᠥᠩᠭᠡᠨ ᠤ ᠡᠳ᠋ ᠤᠨ ᠪᠣᠶ ᠪᠣᠯᠬᠤ ᠶᠢ  ᠨᠥᠯᠥᠭᠡᠯᠡᠬᠦ ᠪᠤᠯᠬᠤᠷ ᠭᠡᠵᠢᠭᠡ ᠰᠢᠷᠠᠯᠠᠬᠤ ᠪᠤᠶᠤ ᠴᠢᠨᠠᠭᠰᠢᠯᠠᠭᠠᠳ ᠴᠠᠶᠢᠷᠠᠳᠠᠭ᠃  ᠡᠭᠦᠨ ᠠᠴᠠ ᠭᠠᠳᠠᠨ᠎ᠠ᠂  ᠤᠳᠤᠮᠰᠢᠯ᠂ ᠣᠶᠣᠨ ᠰᠠᠨᠠᠭᠠᠨ ᠤ ᠨᠦᠯᠦᠬᠡᠯᠡᠯ ᠵᠡᠷᠭᠡ ᠨᠢ ᠪᠠᠰᠠ ᠦᠰᠦ ᠴᠠᠶᠢᠬᠤ ᠶᠢᠨ ᠴᠢᠬᠤᠯᠠ ᠰᠢᠯᠲᠠᠭᠠᠨ ᠪᠤᠯᠵᠦ  ᠪᠠᠶᠢᠭ᠎ᠠ ᠶᠤᠮ᠃     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号