︽ᠲᠠᠭᠱᠢᠨ ᠲᠠᠩᠰᠤᠭ ᠲᠠᠷᠬᠠᠨ ᠮᠤᠤᠮᠢᠩᠭᠠᠨ︾ — ᠰᠢᠯᠦᠭᠳᠦ ᠵᠢᠷᠤᠭᠳᠦ ᠲᠠᠯ᠎ᠠ ᠨᠤᠳᠤᠭ ᠤᠨ ᠵᠤᠭᠠᠴᠠᠯ ᠤᠨ ᠦᠵᠡᠮᠵᠢ ᠶᠢᠨ ᠤᠷᠤᠨ
ᠨᠡᠶᠢᠲᠡᠯᠡᠭᠰᠡᠨ ᠴᠠᠭ᠄
2022/9/29
      ᠰᠢᠯᠦᠭᠳᠦ ᠵᠢᠷᠤᠭᠳᠦ ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶ᠋ᠬᠠᠤᠪᠤᠭ᠎ᠠ ᠰᠤᠮᠤᠨ ᠤ ᠲᠠᠪᠰᠢᠯᠳᠦ ᠭᠠᠴᠠᠭ᠎ᠠ ︵ᠪᠠᠳᠤᠬᠠᠭᠠᠯᠭ᠎ᠠ ᠪᠠᠯᠭᠠᠰᠤ ᠠᠴᠠ ᠡᠷᠳᠡᠨᠢᠠᠤᠪᠤᠭ᠎ᠠ ᠬᠦᠷᠳᠡᠯᠡᠬᠢ16 ᠺᠢᠯᠤᠮᠧᠲᠷ ᠤᠨ ᠭᠠᠵᠠᠷ︶ ᠳᠤ ᠪᠠᠶᠢᠷᠢᠯᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠤᠨ ᠠᠵᠦ ᠦᠢᠯᠡᠰ ᠤᠨ ᠬᠦᠷᠢᠶᠡᠯᠡᠩ ᠠᠴᠠ ᠵᠡᠭᠦᠨ ᠡᠮᠦᠨᠡᠰᠢ10 ᠺᠢᠯᠤᠮᠧᠲᠷ᠂ ᠰᠢᠷᠠᠮᠦ᠋ᠷᠡᠨ ᠦᠵᠡᠮᠵᠢ ᠶᠢᠨ ᠤᠷᠤᠨ ᠠᠴᠠ ᠪᠠᠷᠠᠭᠤᠨ ᠬᠤᠶᠢᠰᠢ80 ᠺᠢᠯᠤᠮᠧᠲᠷ᠂ ᠦᠬᠡᠷᠬᠤᠳᠳᠤᠭ ᠪᠠᠯᠭᠠᠰᠤ ᠶᠢᠨ ᠲᠤᠤ ᠮᠠ ᠭᠸᠦ ᠤᠳᠦ ᠦᠶ᠎ᠡ  ᠶᠢᠨ ᠲᠠᠷᠢᠶᠠᠯᠠᠩ ᠮᠠᠯ ᠠᠵᠦ ᠠᠬᠤᠢ ᠶᠢᠨ ᠦᠵᠡᠮᠵᠢ ᠶᠢᠨ ᠤᠷᠤᠨ ᠠᠴᠠ ᠵᠡᠭᠦᠨ ᠬᠤᠶᠢᠰᠢ60 ᠺᠢᠯᠤᠮᠧᠲᠷ ᠵᠠᠶᠢᠳᠠᠢ ᠪᠠᠶᠢᠳᠠᠭ᠃      ᠰᠢᠯᠦᠭᠳᠦ ᠵᠢᠷᠤᠭᠳᠦ ᠲᠠᠯ᠎ᠠ ᠨᠤᠳᠤᠭ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠢ ᠨᠢ240 ᠮᠦ ᠪᠠᠶᠢᠵᠦ᠂ ᠡᠳᠦᠷ ᠲᠤ1500 ᠭᠠᠷᠤᠢ ᠵᠢᠭᠤᠯᠴᠢᠯᠠᠭᠰᠠᠳ ᠢ ᠬᠦᠯᠢᠶᠡᠨ ᠠᠪᠴᠦ ᠲᠡᠶᠢᠯᠬᠦ ᠴᠢᠳᠠᠮᠵᠢ ᠲᠠᠢ᠃ ᠤᠳᠤᠬᠠᠨ ᠳᠤ35m ᠤᠨ ᠲᠤᠮᠤ ᠬᠡᠯᠪᠡᠷᠢ ᠶᠢᠨ ᠲᠠᠶᠢᠯᠠᠯᠭ᠎ᠠ ᠶᠢᠨ ᠮᠤᠩᠭᠤᠯ ᠭᠡᠷ᠂18m ᠤᠨ ᠤᠨᠴᠠᠯᠢᠭᠳᠦ ᠲᠠᠶᠢᠯᠠᠯᠠᠭ᠎ᠠ ᠶᠢᠨ ᠮᠤᠩᠭᠤᠯ ᠭᠡᠷ᠂10m ᠤᠨ ᠤᠨᠴᠠᠯᠢᠭᠳᠦ ᠲᠠᠶᠢᠯᠠᠯᠠᠭ᠎ᠠ ᠶᠢᠨ ᠮᠤᠩᠭᠤᠯ ᠭᠡᠷ ᠵᠢᠴᠢ ᠪᠠᠭᠤᠳᠠᠯ ᠤᠨ ᠮᠤᠩᠭᠤᠯ ᠭᠡᠷ ᠵᠡᠷᠭᠡ100 ᠭᠠᠷᠤᠢ ᠮᠤᠩᠭᠤᠯ ᠭᠡᠷ ᠪᠤᠢ᠃ ᠭᠡᠶᠢᠴᠢᠨ ᠵᠤᠴᠢᠨ ᠲᠠᠶᠢᠯᠠᠬᠤ᠂ ᠬᠤᠷᠢᠮ ᠨᠠᠶᠢᠷ ᠬᠢᠬᠦ ᠲᠡᠷᠢᠬᠦᠨ ᠤ ᠰᠤᠩᠭᠤᠯᠳᠠ ᠪᠤᠯᠤᠨ᠎ᠠ᠃      ᠠᠳᠡ ᠪᠠᠰᠠ ᠮᠦᠷᠭᠦᠯᠳᠦᠬᠦ ᠲᠡᠷᠭᠡ᠂ ᠡᠷᠬᠢᠯᠳᠦᠬᠦ ᠮᠤᠳᠤᠨ ᠮᠤᠷᠢ᠂ ᠺᠠᠷᠲ᠋ᠢᠩ ᠲᠡᠷᠭᠡ ᠪᠤᠯᠤᠨ ᠮᠤᠷᠢ ᠤᠨᠤᠵᠦ ᠰᠤᠷ ᠬᠠᠷᠪᠤᠬᠤ ᠵᠡᠷᠭᠡ ᠵᠠᠯᠠᠭᠤ ᠪᠠᠭᠠᠴᠣᠳ ᠤᠨ ᠵᠤᠭ᠎ᠠ ᠴᠡᠩᠭᠡᠯ ᠤᠨ ᠲᠦᠬᠦᠭᠡᠷᠦᠮᠵᠢ ᠪᠠᠶᠢᠳᠠᠭ ᠢᠶᠠᠷ ᠪᠠᠷᠠᠬᠤ ᠦᠭᠡᠢ ᠂ ᠭᠡᠷ ᠲᠡᠷᠭᠡᠨ ᠤ ᠪᠠᠭᠤᠴᠠ᠂ ᠦᠨᠳᠦᠰᠦᠳᠡᠨ ᠤ ᠤᠨᠴᠠ ᠭᠠᠷᠤᠯᠳᠠ ᠶᠢᠨ ᠭᠡᠳᠦ ᠲᠡᠯᠭᠡᠭᠦᠷ ᠮᠡᠳᠦ ᠶᠢᠨ ᠦᠢᠯᠡᠴᠢᠯᠡᠭᠡᠨ ᠪᠤᠢ᠃
      ᠮᠦᠨᠴᠦ ᠡᠨᠡᠬᠦ ᠦᠵᠡᠮᠵᠢ ᠶᠢᠨ ᠤᠷᠤᠨ ᠢᠶᠠᠷ ᠠᠶᠠᠯᠠᠨ ᠵᠤᠭᠠᠴᠠᠭᠰᠠᠳ ᠨᠠᠷᠠ ᠰᠢᠩᠭᠡᠬᠦ ᠠᠴᠠ ᠡᠮᠦᠨ᠎ᠡ ᠴᠡᠴᠡᠭ  ᠤᠨ ᠲᠠᠯᠠᠢ ᠳᠤ ᠭᠤᠶᠤ ᠰᠠᠶᠢᠬᠠᠨ ᠰᠡᠭᠦᠳᠡᠷ ᠲᠠᠳᠠᠵᠦ᠂ ᠰᠢᠷᠠᠮᠠᠯ ᠤᠨ ᠲᠤᠭᠤᠷᠢᠭ ᠲᠤ ᠰᠠᠭᠤᠭᠠᠳ ᠰᠢᠷᠠᠮᠠᠯ ᠢᠳᠡᠬᠦ  ᠶᠢᠨ ᠲᠠᠭᠠᠥ ᠵᠢᠷᠭᠠᠬᠤ ᠨᠠᠷᠠᠨ ᠤ ᠰᠠᠶᠢᠬᠠᠨ ᠦᠵᠡᠮᠵᠢ ᠶᠢ ᠰᠤᠨᠢᠷᠬᠠᠵᠦ ᠪᠤᠯᠤᠨ᠎ᠠ᠃ ᠤᠷᠤᠢ ᠳᠠᠭᠠᠨ ᠲᠠᠪᠤ ᠭᠤᠷᠪᠠᠨ ᠰᠠᠶᠢᠨ ᠨᠠᠶᠢᠵᠠ ᠲᠠᠢ ᠪᠠᠨ ᠲᠠᠭᠤᠤ ᠬᠦᠭᠵᠢᠮ ᠤᠨ ᠠᠷᠢᠬᠢᠨ ᠮᠤᠬᠤᠯᠠᠭ ᠲᠤ ᠰᠠᠭᠤᠵᠦ᠂ ᠰᠤᠪᠠᠭ ᠤᠨ ᠲᠦᠳᠡᠭ ᠭᠠᠯ  ᠤᠨ ᠲᠠᠯᠠᠪᠠᠢ ᠳᠤ ᠤᠯᠠᠨ ᠲᠠᠢ ᠬᠠᠮᠳᠦ ᠲᠦᠳᠡᠭ ᠭᠠᠯ ᠢ ᠲᠤᠭᠤᠷᠢᠨ ᠪᠦᠵᠢᠭᠯᠡᠨ ᠲᠠᠭᠤᠯᠠᠵᠦ ᠴᠡᠩᠭᠡᠵᠦ ᠪᠤᠯᠤᠨ᠎ᠠ᠃ ᠲᠠ ᠪᠠᠰᠠ ᠤᠪᠤᠭ᠎ᠠ ᠲᠠᠬᠢᠯᠭ᠎ᠠ ᠶᠢᠨ ᠦᠶ᠎ᠡ ᠳᠤ ᠮᠤᠩᠭᠤᠯ ᠦᠨᠳᠦᠰᠦᠳᠡᠨ ᠤ ᠤᠯᠠᠮᠵᠢᠯᠠᠯᠳᠦ ᠰᠤᠶᠤᠯ ᠪᠤᠯᠬᠤ ᠤᠪᠤᠭ᠎ᠠ ᠶᠢᠨ ᠲᠠᠬᠢᠯᠠᠭ᠎ᠠ ᠶᠢ ᠪᠡᠶᠡᠴᠢᠯᠡᠨ ᠤᠶᠢᠯᠠᠭᠠᠵᠦ ᠪᠤᠯᠤᠨ᠎ᠠ᠃      ᠲᠠᠨᠠᠷ ᠠᠮᠠᠷᠠᠯᠳᠠ ᠶᠢᠨ ᠬᠤᠭᠤᠴᠠᠭᠠᠨ ᠳᠤ ᠲᠠᠯ᠎ᠠ ᠨᠤᠳᠤᠭ ᠤᠨ ᠴᠡᠪᠡᠷ ᠰᠠᠶᠢᠬᠠᠨ ᠠᠭᠤᠷ ᠠᠮᠢᠰᠬᠤᠯ ᠢ ᠡᠳ᠋ᠯᠡᠵᠦ᠂ ᠤᠳᠤ ᠦᠶ᠎ᠡ ᠶᠢᠨ ᠲᠠᠯ᠎ᠠ ᠨᠤᠳᠤᠭ ᠤᠨ ᠭᠤᠶᠤᠮᠰᠤᠭ ᠢ ᠪᠡᠶᠡᠴᠢᠯᠡᠨ ᠤᠶᠢᠯᠠᠭᠠᠶ᠎ᠠ ᠭᠡᠪᠡᠯ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠯᠦᠭᠳᠦ ᠵᠢᠷᠤᠭᠳᠦ ᠲᠠᠯ᠎ᠠ ᠨᠤᠳᠤᠭ ᠤᠨ ᠵᠢᠭᠤᠯᠴᠢᠯᠠᠯ ᠤᠨ ᠦᠵᠡᠮᠵᠢ  ᠶᠢᠨ ᠤᠷᠤᠨ ᠳᠤ ᠢᠷᠡᠵᠦ ᠵᠤᠭᠠᠴᠠᠭᠠᠷᠠᠢ︕      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠠ ᠪᠦᠬᠦᠨ ᠢ ᠪᠠᠶᠠᠷᠯᠠᠨ ᠤᠭᠳᠤᠵᠦ ᠪᠠᠶᠢᠨ᠎ᠠ︕
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号