ᠣᠯᠠᠨ ᠰᠠᠯᠠᠭ᠎ᠠ ᠮᠦᠴᠢᠷ ᠬᠠᠮᠳᠤᠷᠠᠨ ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠤ ᠲᠤᠰᠬᠠᠢ ᠪᠠᠶᠢᠴᠠᠭᠠᠯᠳᠠ ᠶᠢ ᠦᠷᠨᠢᠭᠦᠯᠵᠦ ᠰᠤᠷᠭᠠᠭᠤᠯᠢ ᠡᠬᠢᠯᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/9/5
      ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠪᠠ ᠨᠠᠰᠤᠨ ᠳᠤ ᠦᠯᠦ ᠬᠦᠷᠦᠭᠰᠡᠳ ᠤᠨ ᠡᠷᠡᠭᠦᠯ  ᠢᠶᠠᠷ ᠦᠰᠦᠨ ᠪᠤᠶᠢᠵᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ ᠤᠶᠢᠷ᠎ᠠ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠰᠢᠭᠤᠨ ᠤ ᠲᠤᠳᠤᠭᠠᠳᠦ  ᠶᠢ ᠬᠠᠮᠠᠭᠠᠯᠠᠬᠤ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠲᠠᠢ ᠬᠠᠮᠳᠤᠷᠠᠨ ᠪᠦᠬᠦ ᠬᠤᠰᠢᠭᠤᠨ ᠤ ᠬᠡᠪᠴᠢᠶᠡᠨ ᠳᠠᠬᠢ ᠲᠤᠮᠳᠠᠳᠦ ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠤᠨ ᠤᠷᠴᠢᠨ ᠲᠤᠭᠤᠷᠢᠨ ᠤ ᠪᠢᠴᠢᠭ ᠤᠨ ᠬᠡᠷᠡᠭᠰᠡᠯ ᠤᠨ ᠲᠡᠯᠭᠡᠭᠦᠷ᠂ ᠶᠡᠭᠡ ᠪᠠᠭ᠎ᠠ ᠬᠤᠳᠠᠯᠳᠤᠭᠠᠨ ᠤ ᠲᠡᠯᠭᠡᠭᠦᠷ᠂ ᠬᠠᠷᠢᠶᠠᠳᠦ ᠤᠷᠤᠨ ᠤ ᠡᠯ᠎ᠡ ᠲᠤᠮᠤ ᠱᠠᠩᠨᠠᠯᠳᠦ ᠰᠤᠭᠤᠯᠤᠭ᠎ᠠ ᠶᠢᠨ ᠪᠤᠷᠤᠯᠠᠭᠤᠯᠭ᠎ᠠ ᠶᠢᠨ ᠴᠡᠭ᠂ ᠰᠢᠪᠡᠭᠡᠰᠤᠨ ᠤ ᠲᠡᠯᠭᠡᠭᠦᠷ ᠵᠡᠷᠭᠡ  ᠳᠤ ᠲᠤᠰᠬᠠᠢ ᠲᠦᠷᠦᠯ ᠤᠨ ᠪᠠᠶᠢᠴᠠᠭᠠᠯᠳᠠ ᠪᠠ ᠲᠦᠪᠯᠡᠷᠡᠭᠦᠯᠦᠨ ᠴᠡᠭᠴᠡᠯᠡᠬᠦ ᠠᠵᠢᠯᠯᠠᠭ᠎ᠠ ᠦᠷᠨᠢᠭᠦᠯᠪᠡ᠃       ᠪᠠᠶᠢᠴᠠᠭᠠᠬᠤ ᠠᠵᠢᠯᠳᠠᠳ ᠤᠷᠢᠳ ᠬᠤᠵᠢᠳ ᠬᠤᠰᠢᠭᠤᠨ ᠤ ᠦᠨᠳᠦᠰᠦᠳᠡᠨ ᠤ ᠬᠡᠥᠬᠡᠳ ᠤᠨ ᠴᠡᠴᠡᠷᠯᠢᠭ᠂ ᠬᠤᠶᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠲᠤᠮᠳᠠᠳᠦ ᠰᠤᠷᠭᠠᠭᠤᠯᠢ ᠶᠢᠨ ᠤᠷᠴᠢᠨ ᠲᠤᠭᠤᠷᠢᠨ ᠤ ᠪᠢᠴᠢᠭ  ᠤᠨ ᠬᠡᠷᠡᠭᠰᠡᠯ ᠤᠨ ᠲᠡᠯᠭᠡᠭᠦᠷ᠂ ᠨᠤᠮ ᠤᠨ ᠲᠡᠯᠭᠡᠭᠦᠷ᠂ ᠶᠡᠭᠡ ᠪᠠᠭ᠎ᠠ ᠬᠤᠳᠠᠯᠳᠤᠭᠠᠨ ᠤ ᠲᠡᠯᠭᠡᠭᠦᠷ ᠤᠨ ᠲᠤᠭᠳᠠᠭᠠᠯ  ᠠᠴᠠ ᠵᠦᠷᠢᠴᠡᠨ ᠬᠡᠪᠯᠡᠯ ᠬᠤᠯᠠᠭᠠᠶᠢᠯᠠᠭᠰᠠᠨ ᠵᠢᠭᠠᠬᠤ ᠮᠠᠲᠸᠢᠷᠢᠶᠠᠯ ᠬᠤᠳᠠᠯᠳᠤᠭᠰᠠᠨ ᠡᠰᠡᠬᠦ᠂ ᠱᠠᠯᠢᠭ ᠵᠢᠪᠠᠭ᠋ᠠᠢ᠂ ᠬᠦᠴᠦᠷᠬᠡᠭᠯᠡᠯ ᠳᠤ ᠬᠤᠯᠪᠤᠭᠠᠳᠠᠭᠰᠠᠨ ᠵᠡᠷᠭᠡ ᠬᠠᠥᠯᠢ ᠼᠤ ᠵᠦᠷᠢᠴᠡᠭᠰᠡᠨ ᠨᠤᠮ ᠪᠢᠴᠢᠭ᠂ ᠬᠡᠷᠡᠭᠰᠡᠯ ᠢ ᠬᠤᠳᠠᠯᠳᠤᠭᠰᠠᠨ ᠡᠰᠡᠬᠦ ᠳᠤ ᠭᠤᠤᠯᠳᠠᠯᠭ᠎ᠠ ᠲᠠᠢ ᠪᠠᠶᠢᠴᠠᠭᠠᠯᠳᠠ ᠬᠢᠪᠡ᠃ ᠡᠭᠦᠨ ᠤ ᠬᠠᠮᠳᠦ ᠪᠠᠰᠠ ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠤ ᠬᠤᠳᠠᠯᠳᠣᠭᠠᠨ ᠤ ᠲᠡᠯᠭᠡᠭᠦᠷ ᠤᠨ ᠢᠳᠡᠭᠡᠨ ᠤᠮᠳᠠᠭᠠᠨ ᠤ ᠠᠮᠤᠷ ᠲᠦᠪᠰᠢᠨ᠂ ᠨᠠᠰᠤᠨ ᠳᠤ ᠦᠯᠦ ᠬᠦᠷᠦᠭᠰᠡᠳ ᠲᠤ ᠠᠷᠢᠬᠢ ᠲᠠᠮᠠᠬᠢ ᠬᠤᠳᠠᠯᠳᠤᠨ ᠦᠭᠬᠦ ᠶᠢ ᠴᠠᠭᠠᠵᠠᠯᠠᠬᠤ ᠢᠯᠡᠳᠭᠡᠮᠵᠢ ᠲᠡᠮᠳᠡᠭ ᠢ ᠢᠯᠡ ᠭᠠᠵᠠᠷ ᠲᠤ ᠨᠠᠭᠠᠭᠰᠠᠨ ᠪᠠᠶᠢᠨ᠎ᠠ᠃
      ᠲᠠᠷᠠᠭ᠎ᠠ ᠨᠢ ᠪᠠᠶᠢᠴᠠᠭᠠᠬᠤ ᠠᠵᠢᠯᠳᠠᠳ ᠪᠠᠰᠠ ᠬᠤᠰᠢᠭᠤᠨ ᠤ ᠡᠯ᠎ᠡ ᠲᠤᠮᠤ ᠱᠠᠩᠨᠠᠯᠳᠦ ᠰᠤᠭᠤᠯᠤᠭ᠎ᠠ ᠶᠢᠨ ᠪᠤᠷᠤᠯᠠᠭᠤᠯᠭ᠎ᠠ ᠶᠢᠨ ᠴᠡᠭ ᠰᠢᠪᠡᠭᠡᠰᠦᠨ ᠤ ᠲᠡᠯᠭᠡᠭᠦᠷ ᠲᠤ ᠬᠦᠷᠴᠦ᠂ ᠡᠵᠡᠩᠨᠡᠭᠴᠢᠳ ᠲᠤ ᠤᠯᠤᠰ ᠤᠨ ᠬᠠᠥᠯᠢ ᠴᠠᠭᠠᠵᠠ ᠬᠠᠥᠯᠢ ᠲᠤᠭᠳᠠᠭᠠᠯ ᠢ ᠤᠬᠠᠭᠤᠯᠤᠨ ᠲᠠᠶᠢᠯᠪᠤᠷᠢᠯᠠᠵᠦ᠂ ᠲᠡᠳᠡᠨ ᠢ ᠬᠠᠥᠯᠢ ᠲᠤᠭᠳᠠᠭᠠᠯ ᠳᠤ ᠨᠡᠶᠢᠴᠡᠭᠦᠯᠦᠨ ᠡᠵᠡᠩᠨᠡᠬᠦ ᠶᠢ ᠱᠠᠭᠠᠷᠳᠠᠨ᠂ ᠨᠠᠰᠤᠨ ᠳᠤ ᠦᠯᠦ ᠬᠦᠷᠦᠭᠰᠡᠳ ᠲᠤ ᠱᠠᠩᠨᠠᠯᠳᠦ ᠰᠤᠭᠤᠯᠤᠭ᠎ᠠ ᠪᠤᠷᠤᠯᠠᠭᠤᠯᠬᠤ ᠪᠤᠶᠤ ᠱᠠᠩᠨᠠᠯᠳᠦ ᠰᠤᠭᠤᠯᠤᠭ᠎ᠠ ᠶᠢᠨ ᠱᠠᠩᠨᠠᠯ ᠤᠨ ᠮᠦᠩᠭᠦ ᠰᠤᠯᠢᠵᠦ ᠦᠭᠬᠦ ᠶᠢ ᠴᠠᠭᠠᠵᠠᠯᠠᠬᠤ ᠪᠠ ᠰᠢᠪᠡᠭᠡᠰᠦ ᠶᠢᠨ ᠦᠢᠯᠴᠢᠯᠡᠭᠡ ᠬᠠᠩᠭᠠᠬᠤ ᠶᠢ ᠴᠠᠭᠠᠵᠠᠯᠠᠬᠤ ᠶᠢ ᠮᠡᠳᠡᠭᠳᠡᠵᠦ᠂ ᠨᠠᠰᠤᠨ ᠳᠤ ᠦᠯᠦ ᠬᠦᠷᠦᠭᠰᠡᠳ ᠲᠤ ᠱᠠᠩᠨᠠᠯᠳᠦ ᠰᠤᠭᠤᠯᠤᠭ᠎ᠠ ᠪᠤᠷᠤᠯᠠᠭᠤᠯᠬᠤ ᠶᠢ ᠴᠠᠭᠠᠵᠠᠯᠠᠬᠤ ᠲᠡᠮᠳᠡᠭ ᠢ ᠢᠯᠡ ᠭᠠᠵᠠᠷ ᠲᠤ ᠨᠠᠭᠠᠭᠰᠠᠨ ᠪᠠᠶᠢᠨ᠎ᠠ᠃      ᠲᠤᠰ ᠤᠳᠠᠭᠠᠨ ᠤ ᠤᠯᠠᠨ ᠰᠠᠯᠠᠭ᠎ᠠ ᠮᠦᠴᠢᠷ ᠬᠠᠮᠳᠤᠷᠠᠨ ᠪᠠᠶᠢᠴᠠᠭᠠᠯᠳᠠ ᠬᠢᠭᠰᠡᠨ ᠠᠵᠢᠯᠯᠠᠭ᠎ᠠ ᠨᠢ ᠡᠯ᠎ᠡ ᠨᠢᠭᠡᠴᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠶᠢᠭᠡᠮ ᠤᠨ ᠬᠦᠴᠦᠨ ᠢ ᠤᠷᠢᠶᠠᠯᠠᠨ ᠬᠠᠮᠳᠦ ᠪᠠᠷ ᠤᠷᠤᠯᠴᠠᠨ ᠬᠠᠮᠳᠦ ᠪᠠᠷ ᠬᠦᠳᠡᠯᠦᠯᠴᠡᠵᠦ᠂ ᠪᠠᠭᠰᠢ ᠰᠤᠷᠤᠭᠴᠢᠳ ᠲᠤ ᠪᠤᠯᠪᠠᠰᠤᠨ᠂ ᠴᠡᠪᠡᠷ ᠲᠤᠬᠢᠯᠢᠭ᠂ ᠡᠷᠡᠭᠦᠯ ᠡᠩᠭᠡ᠂ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠤᠷᠴᠢᠨ ᠠᠬᠤᠢ ᠶᠢ ᠡᠭᠦᠳᠦᠨ ᠦᠭᠴᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨᠬᠦ ᠪᠠᠳᠤᠯᠠᠭᠰᠠᠨ ᠶᠠᠪᠤᠳᠠᠯ ᠪᠤᠯᠵᠠᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号