ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ᠬᠢᠨ ᠰᠠᠭᠤᠭᠠᠯᠢ ᠠᠷᠠᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/1/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠶᠢᠨ ᠲᠦᠯᠦᠭᠡ᠂ ᠤᠶᠢᠷ᠎ᠠ ᠶᠢᠨ ᠡᠳᠦᠷ ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠷᠭᠡᠨ ᠠᠰᠠᠭᠤᠵᠦ ᠲᠦᠷᠭᠡᠨ ᠬᠠᠷᠢᠭᠤᠯᠬᠤ᠂ ᠤᠭ ᠵᠤᠬᠢᠶᠠᠯ ᠢ ᠰᠤᠷᠤᠯᠴᠠᠬᠤ᠂ ᠤᠭ ᠶᠤᠰᠤ ᠶᠢ ᠤᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠢ ᠬᠠᠮᠳᠤᠪᠠᠷ ᠰᠤᠷᠤᠯᠴᠠᠬᠤ ᠵᠡᠷᠭᠡ ᠤᠯᠠᠨ ᠵᠦᠢᠯ ᠤᠨ ᠲᠦᠭᠦᠮ ᠤᠶᠢᠯᠠᠭᠠᠮᠵᠢᠳᠡᠢ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠠᠢ᠃
微信图片_20230105100940.png     
      ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠬᠦᠨ ᠮᠤᠯᠤᠷ ᠢ ᠤᠨᠴᠠᠭᠠᠶᠢᠯᠠᠨ ᠤᠷᠢᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠤᠯᠬᠤ ᠶᠢᠨ ᠬᠠᠮᠳᠦ᠂ ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ᠱᠦᠵᠢ᠂ ᠰᠠᠭᠤᠭᠠᠯᠢ ᠠᠷᠠᠳ ᠤᠨ ᠵᠦᠪᠯᠡᠯ ᠤᠨ ᠡᠷᠬᠢᠯᠡᠭᠴᠢ ᠺᠠᠩ ᠭᠤᠸ᠎ᠠ ᠬᠤᠷᠢᠳᠤᠭᠠᠷ ᠶᠡᠭᠡ ᠬᠤᠷᠠᠯ ᠤᠨ ᠲᠦᠷᠭᠡᠨ ᠠᠰᠠᠭᠤᠵᠦ ᠲᠦᠷᠭᠡᠨ ᠬᠠᠷᠢᠭᠤᠯᠬᠤ ᠵᠢᠵᠢᠭ ᠸᠢᠳᠢᠣ᠋ ᠶᠢ ᠰᠢᠩᠭᠡᠭᠡᠨ ᠦᠢᠯᠡᠳᠴᠦ᠂ ᠨᠡᠶᠢᠭᠡᠮ ᠲᠤᠭᠤᠷᠢᠭ  ᠤᠨ ᠠᠵᠢᠯᠳᠠᠳ ᠪᠠ ᠨᠡᠶᠢᠭᠡᠮ ᠲᠤᠭᠤᠷᠢᠭ ᠤᠨ ᠡᠯ᠎ᠡ ᠦᠨᠳᠦᠰᠦᠳᠡᠨ ᠤ ᠲᠦᠯᠦᠭᠡᠯᠡᠭᠴᠢᠳ ᠵᠢᠴᠢ ᠰᠠᠭᠤᠭᠠᠯᠢ ᠠᠷᠠᠳ  ᠢ ᠵᠤᠬᠢᠶᠠᠨ ᠪᠠᠶᠢᠭᠤᠯᠵᠦ ᠤᠭ ᠵᠤᠬᠢᠶᠠᠯ ᠢ ᠤᠩᠰᠢᠬᠤ᠂ ᠤᠭ ᠵᠤᠬᠢᠶᠠᠯ ᠢ ᠰᠤᠷᠤᠯᠴᠠᠬᠤ᠂ ᠤᠭ ᠶᠤᠰᠤ ᠶᠢ ᠤᠶᠢᠯᠠᠭᠠᠬᠤ ᠬᠡᠯᠪᠡᠷᠢ ᠪᠠᠷ ᠰᠤᠷᠤᠯᠴᠠᠭᠤᠯᠤᠭᠰᠠᠨ ᠪᠠᠶᠢᠨ᠎ᠠ᠃
微信图片_20230105100944.png
      ᠰᠤᠷᠤᠯᠴᠠᠯᠭ᠎ᠠ ᠪᠠᠷ ᠲᠠᠮᠵᠢᠨ᠂ ᠰᠠᠭᠤᠭᠠᠯᠢ ᠠᠷᠠᠳ ᠲᠤ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠠᠮᠤᠭ ᠤᠨ ᠲᠦᠭᠦᠮ ᠠᠷᠭ᠎ᠠ ᠪᠠᠷ ᠤᠶᠢᠯᠠᠭᠠᠭᠤᠯᠤᠨ ᠰᠤᠷᠤᠯᠴᠠᠭᠤᠯᠤᠭᠰᠠᠨ ᠢᠶᠠᠷ ᠪᠠᠷᠠᠬᠤ ᠦᠭᠡᠢ᠂ ᠨᠡᠶᠢᠭᠡᠮ ᠲᠤᠭᠤᠷᠢᠭ ᠤᠨ ᠠᠵᠢᠯᠳᠠᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠴᠢᠬᠤᠯᠠ ᠶᠡᠭᠡ ᠠᠴᠢ ᠬᠤᠯᠪᠤᠭᠳᠠᠯ ᠢ ᠭᠦᠢᠴᠡᠳ ᠲᠠᠨᠢᠭᠤᠯᠵᠦ᠂ ︽ᠬᠤᠶᠠᠷ ᠢ ᠲᠤᠭᠳᠠᠭᠠᠬᠤ︾ ᠶᠢ ᠡᠷᠡᠰ ᠪᠠᠳᠤ ᠬᠠᠮᠠᠭᠠᠯᠠᠵᠦ᠂ ︽ᠬᠤᠶᠠᠷ ᠢ ᠬᠠᠮᠠᠭᠠᠯᠠᠬᠤ︾ ᠡᠨᠡᠬᠦ ᠤᠯᠤᠰ ᠲᠦᠷᠦ ᠶᠢᠨ ᠰᠦᠭ ᠰᠦᠨᠡᠰᠦ ᠶᠢ ᠡᠷᠡᠰ ᠪᠡᠶᠡᠯᠡᠭᠦᠯᠬᠦ ᠬᠡᠷᠡᠭᠳᠡᠢ ᠬᠡᠳᠡᠭ ᠢ ᠭᠦᠨᠵᠡᠭᠡᠢ ᠤᠶᠢᠯᠠᠭᠠᠭᠤᠯᠤᠨ ᠤᠨᠤᠪᠴᠢᠳᠠᠢ ᠡᠵᠡᠮᠰᠢᠭᠦᠯᠵᠡᠢ᠃
微信图片_20230105100949.png
      ᠲᠤᠯᠠᠭᠠᠨ ᠭᠡᠷ ᠨᠡᠶᠢᠭᠡᠮ ᠲᠤᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠤᠭᠳᠠᠭᠠᠭᠰᠠᠨ ᠢᠷᠡᠭᠡᠳᠦᠢ ᠶᠢᠨ ᠲᠠᠪᠤᠨ ᠵᠢᠯ ᠤᠨ ᠬᠠᠷᠠᠯᠳᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮ ᠲᠤᠭᠤᠷᠢᠭ  ᠤᠨ ᠠᠵᠢᠯ ᠤᠨ ᠪᠤᠳᠠᠳᠦ ᠪᠠᠶᠢᠳᠠᠯ ᠲᠠᠢ ᠨᠢᠠᠠᠳᠠ ᠤᠶᠠᠯᠳᠤᠭᠤᠯᠵᠦ᠂ ᠨᠡᠩ ᠯᠠᠪᠳᠠᠭᠤᠨ ᠪᠠᠳᠤᠳᠠᠢ ᠠᠵᠢᠯ ᠤᠨ ᠰᠤᠷᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠰᠤᠷᠤᠯᠴᠠᠯᠭ᠎ᠠ ᠶᠢᠨ ᠦᠷ᠎ᠡ ᠪᠦᠳᠦᠭᠡᠯ ᠢ ᠦᠨᠡᠨᠬᠦ ᠨᠡᠶᠢᠭᠡᠮ ᠲᠤᠭᠤᠷᠢᠭ  ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠤᠳᠠᠳᠦ ᠦᠷ᠎ᠡ ᠪᠦᠮᠵᠢ ᠪᠤᠯᠭᠠᠨ ᠬᠤᠪᠢᠷᠠᠭᠤᠯᠬᠤ  ᠪᠠᠷ ᠴᠢᠷᠮᠠᠶᠢᠨ᠎ᠠ ᠭᠡᠵᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号