ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢ ᠾᠧ ᠰᠢᠶᠠᠩ ᠤᠨ ᠨᠠᠭᠤᠷ ᠤᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠵᠠᠭᠠᠰᠤ ᠠᠩᠨᠠᠬᠤ ᠨᠠᠶᠢᠷ ᠵᠢᠴᠢ ᠮᠢᠩᠭᠠᠨ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠮᠦᠰᠦ ᠴᠠᠰᠤᠨ ᠤ ᠨᠠᠭᠠᠳᠤᠮ ᠶᠠᠪᠤᠭᠳᠠᠯ᠎ᠠ
ᠨᠡᠶᠢᠲᠡᠯᠡᠭᠰᠡᠨ ᠴᠠᠭ᠄
2023/1/15
      ᠮᠠᠨ ᠤ ᠬᠤᠰᠢᠭᠤᠨ ᠤ ᠰᠢ ᠾᠧ ᠰᠢᠶᠠᠩ ᠤᠨ ᠷᠠᠰᠢᠶᠠᠨ ᠨᠠᠭᠤᠷ ᠤᠨ ᠲᠠᠪᠤᠳᠤᠭᠠᠷ ᠬᠤᠭᠤᠴᠠᠭᠠᠨ ᠤ ᠡᠪᠦᠯ  ᠤᠨ ᠤᠯᠠᠷᠢᠯ ᠤᠨ ᠵᠢᠭᠠᠰᠤ ᠠᠩᠨᠠᠬᠤ ᠨᠠᠶᠢᠷ ᠵᠢᠴᠢ ᠮᠢᠩᠭᠠᠨ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠮᠦᠰᠦ ᠴᠠᠰᠤᠨ ᠤ ᠨᠠᠭᠠᠳᠤᠮ1 ᠰᠠᠷ᠎ᠠ ᠶᠢᠨ15 ᠤ ᠡᠳᠦᠷ ᠰᠢ ᠾᠧ ᠰᠢᠶᠠᠩ ᠤᠨ ᠷᠠᠰᠢᠶᠠᠨ ᠨᠠᠭᠤᠷ ᠲᠤ ᠡᠬᠢᠯᠡᠬᠦ ᠶᠤᠰᠤᠯᠠᠯ  ᠢᠶᠠᠨ ᠶᠠᠪᠤᠭᠳᠠᠭᠤᠯᠤᠭᠰᠠᠨ ᠪᠠᠶᠢᠨ᠎ᠠ᠃
微信图片_20230128100613.jpg
      ᠠᠵᠢᠯᠯᠠᠭᠠᠨ ᠤ ᠲᠠᠯᠠᠪᠤᠷ ᠲᠤ ᠭᠠᠯ ᠲᠠᠬᠢᠬᠤ ᠶᠤᠰᠤᠯᠠᠯ᠂ ᠷᠠᠰᠢᠶᠠᠨ ᠨᠠᠭᠤᠷ ᠢᠶᠠᠨ ᠲᠠᠬᠢᠬᠤ᠂ ᠮᠦᠰᠦᠨ ᠲᠡᠭᠡᠷᠡᠬᠢ ᠮᠠᠰᠢᠨ ᠲᠡᠷᠭᠡᠨ ᠤ ᠲᠤᠭᠯᠠᠯᠳᠠ᠂ ᠤᠷᠠᠨ ᠰᠠᠶᠢᠬᠠᠨ ᠤ ᠲᠤᠭᠯᠠᠯᠳᠠ᠂ ᠪᠦᠬᠡ ᠶᠢᠨ ᠤᠷᠤᠯᠳᠤᠭᠠᠨ᠂ ᠲᠦᠷᠦᠭᠦᠦ ᠵᠢᠭᠠᠰᠤᠨ ᠤ ᠦᠨ᠎ᠡ ᠬᠠᠶᠠᠯᠴᠠᠭᠠᠨ ᠵᠡᠷᠭᠡ ᠤᠯᠠᠨ ᠠᠵᠢᠯᠯᠠᠭ᠎ᠠ ᠶᠠᠪᠤᠭᠳᠠᠵᠦ᠂ ᠬᠤᠷᠠᠭᠰᠠᠨ ᠤᠯᠠᠨ ᠤ ᠠᠩᠬᠠᠷᠣᠯ ᠢ ᠲᠠᠳᠠᠵᠦ ᠤᠷᠮ᠎ᠠ ᠶᠢ ᠰᠡᠷᠭᠦᠭᠡᠭᠰᠡᠨ ᠪᠠᠶᠢᠨ᠎ᠠ᠃      ᠲᠤᠰ ᠣᠳᠠᠭᠠᠨ ᠤ ᠠᠵᠢᠯᠯᠠᠭ᠎ᠠ ᠨᠢ ᠰᠤᠶᠤᠯ ᠤᠨ ᠲᠡᠯᠭᠡᠨ ᠦᠵᠡᠭᠦᠯᠦᠯᠭᠡ ᠪᠠᠷ ᠭᠤᠤᠯ ᠰᠡᠳᠦᠪ ᠢᠶᠠᠨ ᠪᠤᠯᠭᠠᠨ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠤᠬᠠᠭᠤᠯᠬᠤ ᠪᠠᠷ ᠵᠤᠷᠢᠯᠭ᠎ᠠ ᠪᠠᠨ ᠪᠤᠯᠭᠠᠵᠦ᠂ ᠡᠪᠦᠯ ᠤᠨ ᠤᠯᠠᠷᠢᠯ ᠤᠨ ᠮᠦᠰᠦ ᠴᠠᠰᠤᠨ ᠤ ᠲᠠᠮᠢᠷ ᠤᠨ ᠬᠦᠳᠡᠯᠬᠡᠬᠡᠨ ᠵᠢᠴᠢ ᠡᠪᠦᠯ ᠤᠨ ᠵᠢᠭᠠᠰᠤ ᠠᠩᠨᠠᠯᠳᠠ ᠪᠠᠷ ᠵᠢᠭᠤᠯᠴᠢᠯᠠᠭᠴᠢᠳ ᠤᠨ ᠠᠩᠬᠠᠷᠣᠯ ᠢ ᠲᠠᠳᠠᠨ᠂ ᠤᠷᠤᠨ ᠨᠤᠳᠤᠭ ᠤᠨ ᠢᠶᠠᠨ ᠡᠪᠦᠯ ᠤᠨ ᠤᠯᠠᠷᠢᠯ ᠤᠨ ᠮᠦᠰᠦ ᠴᠠᠰᠤᠨ ᠤ ᠵᠤᠭᠠᠴᠠᠯ ᠤᠨ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号