ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/1/31
      1 ᠰᠠᠷ᠎ᠠ ᠶᠢᠨ29 ᠤ ᠡᠳᠦᠷ᠂ ᠪᠦᠬᠦ ᠤᠷᠤᠨ᠂ ᠪᠦᠬᠦ ᠬᠤᠳᠠ ᠶᠢᠨ ︽ᠬᠤᠶᠠᠷ ᠢ ᠡᠯᠰᠡᠵᠦ ᠬᠤᠶᠠᠷ ᠢ ᠲᠠᠳᠠᠵᠦ ᠨᠢᠭᠡ ᠶᠢ ᠰᠢᠯᠢᠳᠡᠭᠵᠢᠭᠦᠯᠬᠦ︾ ᠲᠠᠶᠢᠴᠢᠯᠠᠯᠳᠠ ᠶᠢᠨ ᠵᠤᠷᠢᠭ ᠰᠠᠨᠠᠭ᠎ᠠ ᠪᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠠᠮᠤᠭ ᠤᠨ ᠲᠦᠷᠦᠭᠦᠨ ᠳᠤ ᠠᠷᠠᠯᠵᠢᠶᠠᠴᠢᠨ ᠤᠷᠢᠵᠦ ᠪᠡᠯᠡ ᠮᠦᠩᠭᠦ ᠤᠷᠤᠭᠤᠯᠬᠤ᠂ ᠴᠢᠳᠠᠪᠦᠷᠢᠳᠠᠨ ᠡᠯᠰᠡᠵᠦ ᠮᠡᠷᠭᠡᠵᠢᠯ ᠤᠷᠤᠭᠤᠯᠬᠤ ᠵᠢᠴᠢ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠲᠠᠶᠢᠴᠢᠯᠠᠯᠳᠠ ᠶᠢᠨ ᠬᠤᠷᠠᠯ ᠬᠤᠷᠠᠯᠳᠦᠵᠦ᠂ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠢ ᠲᠡᠷᠢᠬᠦᠨ ᠳᠤ ᠤᠷᠤᠭᠤᠯᠬᠤ ᠪᠠᠷ ᠬᠦᠴᠦᠯᠡᠨ ᠴᠢᠷᠮᠠᠶᠢᠵᠦ᠂ ᠰᠢᠨ᠎ᠡ ᠴᠠᠭ ᠦᠶ᠎ᠡ ᠶᠢᠨ ᠠᠵᠢᠯ ᠦᠢᠯᠡᠰ ᠢ ᠲᠡᠷᠢᠬᠦᠨ ᠳᠤ ᠤᠷᠤᠭᠤᠯᠬᠤ ᠪᠠᠷ ᠬᠦᠴᠦᠯᠡᠨ ᠴᠢᠷᠮᠡᠶᠢᠵᠦ᠂ ᠰᠢᠨ᠎ᠡ ᠴᠠᠭ ᠦᠶ᠎ᠡ ᠶᠢᠨ ᠦᠨᠳᠦᠷ ᠶᠠᠰᠦ ᠴᠢᠨᠠᠷ ᠲᠠᠢ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠴᠦ ᠪᠠᠶᠢᠨ᠎ᠠ᠃      ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ︽ᠬᠤᠶᠠᠷ ᠢ ᠡᠯᠰᠡᠵᠦ ᠬᠤᠶᠠᠷ ᠢ ᠲᠠᠳᠠᠬᠤ︾ ᠪᠠ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠬᠤ ᠶᠢ ᠰᠡᠷᠭᠡᠭ ᠢᠶᠠᠷ ᠲᠠᠨᠢᠵᠦ᠂ ᠤᠷᠤᠨ ᠪᠠᠶᠢᠷᠢ ᠪᠠᠨ ᠲᠤᠳᠤᠷᠬᠠᠢ ᠲᠤᠭᠳᠠᠭᠠᠵᠦ᠂ ᠬᠦᠭᠵᠢᠯᠳᠡ ᠶᠢᠨ ᠠᠵᠠ ᠲᠤᠬᠢᠶᠠᠯ ᠢ ᠵᠠᠪᠳᠤᠨ ᠠᠳᠬᠤᠵᠦ᠂ ᠠᠵᠦ ᠦᠢᠯᠡᠰ ᠤᠨ ᠪᠦᠳᠦᠴᠡ ᠶᠢ ᠰᠢᠯᠢᠳᠡᠭᠵᠢᠭᠦᠯᠵᠦ᠂ ︽ᠬᠦᠨᠳᠦ ᠡᠭᠦᠷᠭᠡ ᠶᠢ ᠤᠯᠠᠨ ᠢᠶᠠᠷ ᠢᠶᠠᠨ ᠡᠭᠦᠷᠭᠡᠯᠡᠵᠦ᠂ ᠬᠦᠮᠦᠨ ᠪᠦᠬᠦᠨ ᠳᠤ ᠬᠦᠢᠴᠡᠳᠭᠡᠬᠦ ᠲᠤᠭ᠎ᠠ ᠲᠠᠢ ᠪᠠᠶᠢᠬᠤ︾ ᠠᠷᠠᠯᠵᠢᠶᠠᠴᠢᠨ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ᠂ ᠡᠷᠡᠮᠡᠬᠡᠶᠢᠯᠡᠨ ᠲᠡᠮᠡᠴᠡᠵᠦ᠂ ᠪᠤᠳᠠᠳᠠᠢ ᠶᠢ ᠡᠷᠬᠢᠮᠯᠡᠨ ᠲᠠᠬᠢᠨ ᠠᠵᠢᠯᠯᠠᠵᠦ᠂ ᠰᠢᠨ᠎ᠡ ᠴᠠᠭ ᠦᠶ᠎ᠡ ᠶᠢᠨ ᠴᠢᠨᠠᠷ ᠰᠠᠶᠢᠳᠠᠢ ᠬᠦᠭᠵᠢᠯᠳᠡ ᠶᠢᠨ ᠲᠠᠭᠠᠭᠤᠯᠤᠭᠴᠢ ᠪᠤᠯᠬᠤ ᠪᠠᠷ ᠤᠬᠠᠮᠰᠠᠷ  ᠢᠶᠠᠨ ᠴᠢᠩᠭᠠᠳᠬᠠᠵᠦ᠂ ᠤᠪᠤᠷ ᠤᠨ ᠠᠰᠠᠭᠤᠳᠠᠯ ᠢᠶᠠᠨ ᠵᠦᠪ ᠲᠡᠯᠭᠡᠵᠦ᠂ ᠴᠢᠳᠠᠪᠤᠷᠢ ᠶᠢᠨ ᠲᠦᠪᠰᠢᠨ ᠢᠶᠠᠨ ᠲᠡᠭᠡᠭᠰᠢᠯᠡᠭᠦᠯᠵᠦ᠂ ︽ᠶᠠᠭᠤ ᠬᠢᠬᠦ︾ ᠠᠰᠠᠭᠤᠳᠠᠯ ᠢ ᠲᠳᠤᠷᠬᠠᠶᠢᠯᠠᠵᠦ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ︽ᠶᠠᠭᠠᠬᠢᠵᠦ ᠬᠢᠬᠦ︾ ᠠᠰᠠᠭᠤᠳᠠᠯ ᠢ ᠲᠤᠳᠤᠷᠬᠠᠢ ᠤᠶᠢᠯᠠᠭᠠᠵᠦ᠂ ︽ᠠᠵᠢᠯ ᠬᠢᠬᠦ ᠶᠢ ᠪᠤᠳᠤᠬᠤ︾ ᠦᠵᠡᠯ ᠰᠠᠨᠠᠭᠠᠨ ᠤ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠳᠬᠠᠵᠦ᠂ ︽ᠠᠵᠢᠯ ᠬᠢᠵᠦ ᠲᠡᠶᠢᠯᠬᠦ︾ ᠬᠠᠷᠠᠯᠳᠠ ᠶᠢ ᠪᠤᠢ ᠪᠤᠯᠭᠠᠵᠦ᠂ ︽ᠠᠵᠢᠯ ᠬᠢᠵᠦ ᠪᠦᠳᠦᠭᠡᠬᠦ︾ ᠠᠵᠢᠯ ᠤᠨ ᠪᠠᠳᠤᠯᠠᠭ᠎ᠠ ᠶᠢ ᠴᠢᠩᠭᠠᠳᠬᠠᠵᠦ᠂ ︽ᠶᠠᠭᠠᠬᠢᠵᠦ ᠡᠯᠰᠡᠬᠦ︾ ᠠᠰᠠᠭᠤᠳᠠᠯ ᠢ ᠲᠤᠳᠤᠷᠬᠠᠯᠠᠵᠦ᠂ ᠪᠦᠬᠦ ᠠᠵᠢᠯᠳᠠᠳ ᠢᠶᠠᠷ ᠢᠶᠠᠨ ᠬᠦᠳᠡᠯᠦᠯᠴᠡᠨ ᠬᠠᠷᠠᠯᠳᠠ ᠲᠠᠢ ᠡᠯᠡᠰᠡᠬᠦ ᠶᠢ ᠴᠢᠩᠭ᠎ᠠ ᠠᠩᠬᠠᠷᠴᠦ᠂ ᠠᠵᠦ ᠦᠢᠯᠡᠰ ᠤᠨ ᠲᠤᠭᠤᠷᠢᠨ ᠳᠤ ᠡᠯᠰᠡᠬᠦ ᠶᠢ ᠴᠢᠩᠭ᠎ᠠ ᠠᠩᠬᠠᠷᠴᠦ᠂ ᠠᠵᠦ ᠦᠢᠯᠡᠰ ᠤᠨ ᠲᠤᠭᠤᠷᠢᠨ ᠳᠤ ᠡᠯᠰᠡᠬᠦ ᠪᠠᠷ ᠭᠤᠤᠯᠯᠠᠭᠤᠯᠤᠨ᠂ ᠠᠩᠬᠠᠷᠤᠯ ᠢᠶᠠᠨ ᠲᠦᠪᠯᠡᠷᠡᠭᠦᠯᠵᠦ᠂ ᠬᠡᠯᠬᠢᠶ᠎ᠡ ᠶᠢ ᠤᠷᠳᠤᠳᠬᠠᠨ ᠬᠡᠯᠬᠢᠶ᠎ᠡ ᠶᠢ ᠨᠦᠬᠦᠪᠦᠷᠢᠯᠡᠬᠦ᠂ ᠰᠢᠨ᠎ᠡ ᠡᠭᠦᠳᠦᠯᠳᠡ ᠶᠢ ᠲᠠᠳᠠᠵᠦ ᠤᠨᠴᠠ ᠲᠦᠷᠦᠯ ᠢ ᠲᠠᠳᠠᠬᠤ ᠲᠠᠯ᠎ᠠ ᠪᠠᠷ ᠰᠢᠨ᠎ᠡ ᠰᠢᠪᠳᠤᠯᠤᠯᠳᠠ ᠶᠢ ᠪᠤᠢ ᠪᠤᠯᠭᠠᠬᠤ ᠪᠠᠷ ᠴᠢᠷᠮᠠᠶᠢᠵᠦ ᠪᠠᠶᠢᠨ᠎ᠠ᠃
微信图片_20230131101406.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠬᠤᠶᠠᠷ ᠢ ᠡᠯᠰᠡᠵᠦ ᠬᠤᠶᠠᠷ ᠢ ᠲᠠᠳᠠᠵᠦ ᠨᠢᠭᠡ ᠶᠢ ᠰᠢᠯᠢᠳᠡᠭᠵᠢᠭᠦᠯᠬᠦ︾ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠦ᠂ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠼᠤ  ᠪᠠᠨ ᠵᠤᠬᠢᠴᠠᠵᠦ᠂ ᠰᠢᠨ᠎ᠡ ᠬᠡᠪ ᠲᠠᠭᠤᠷᠢᠶᠠᠯ ᠢ ᠲᠡᠭᠡᠭᠰᠢᠯᠡᠭᠦᠯᠦᠨ᠂ ︽ᠠᠯᠭᠤᠷ ᠤᠷᠤᠭᠰᠢᠯᠠᠪᠠᠯ ᠤᠬᠤᠷᠢᠬᠤ᠂ ᠤᠷᠤᠭᠰᠢᠯᠠᠬᠤ ᠦᠭᠡᠢ ᠪᠤᠯ ᠨᠡᠩ ᠤᠬᠤᠷᠢᠬᠤ︾ ᠠᠵᠢᠯᠯᠠᠭᠠᠨ ᠤ ᠤᠬᠠᠮᠰᠠᠷ ᠢ ᠴᠢᠩᠭᠠᠷᠠᠭᠤᠯᠵᠦ᠂ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠪᠠᠶᠢᠷᠢ ᠲᠤᠭᠳᠠᠭᠠᠯᠳᠠ ᠪᠠᠨ ᠤᠨᠤᠪᠴᠢᠳᠠᠢ ᠡᠷᠢᠵᠦ᠂ ᠰᠠᠨᠠᠭᠠᠴᠢᠯᠠᠭ᠎ᠠ ᠠᠴᠠ  ᠪᠠᠨ ᠪᠠᠷᠢᠮᠵᠢᠶ᠎ᠠ ᠳᠤ ᠨᠡᠶᠢᠴᠡᠭᠦᠯᠵᠦ᠂ ᠲᠦᠷᠭᠡᠨ ᠬᠦᠳᠡᠯᠦᠯᠴᠡᠵᠦ᠂ ︽ᠬᠤᠶᠠᠷ ᠢ ᠡᠯᠰᠡᠵᠦ ᠬᠤᠶᠠᠷ ᠢ ᠲᠠᠳᠠᠵᠦ ᠨᠢᠭᠡ  ᠶᠢ ᠰᠢᠯᠢᠳᠡᠭᠵᠢᠭᠦᠯᠬᠦ︾ ᠶᠡᠭᠡ ᠦᠷᠨᠢᠯᠳᠡ ᠶᠢ ᠪᠤᠢ ᠪᠤᠯᠭᠠᠨ ᠪᠦᠬᠦ ᠲᠠᠯ᠎ᠠ ᠪᠠᠷ ᠪᠠᠶᠢᠷᠢᠰᠢᠭᠤᠯᠬᠤ᠂ ᠨᠢᠭᠡ ᠴᠤᠭᠴᠠᠵᠢᠭᠤᠯᠤᠨ ᠠᠬᠢᠭᠤᠯᠬᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠠᠵᠢᠯ ᠤᠨ ᠠᠶᠢᠵᠠᠮ ᠢ ᠲᠦᠷᠭᠡᠳᠭᠡᠬᠦ᠂ ᠠᠵᠢᠯ  ᠤᠨ ᠪᠤᠳᠠᠳᠦ ᠦᠷ᠎ᠡ ᠪᠦᠳᠦᠮᠵᠢ ᠶᠢ ᠲᠤᠪᠤᠶᠢᠯᠭᠠᠬᠤ ᠶᠢ ᠴᠢᠬᠤᠯᠠᠴᠢᠯᠠᠨ ᠬᠢᠵᠦ ᠡᠬᠢᠯᠡᠭᠰᠡᠨ ᠪᠠᠶᠢᠨ᠎ᠠ᠃
微信图片_20230131101412.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号