1 ᠰᠠᠷ᠎ᠠ ᠶᠢᠨ6 ᠤ ᠡᠳᠦᠷ ᠤᠨ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠬᠢᠨ | ᠬᠦᠴᠢᠷᠳᠡᠯᠳᠡᠢ ᠬᠡᠥᠬᠡᠳ ᠢ ᠲᠤᠬᠤᠨᠢᠭᠤᠯᠬᠤ ᠠᠵᠢᠯᠯᠠᠭ᠎ᠠ ᠦᠷᠨᠢᠬᠦᠯᠵᠦ᠂ ᠤᠨᠴᠠᠭᠠᠢ ᠬᠦᠴᠢᠷᠳᠡᠯ ᠲᠠᠢ ᠨᠠᠰᠤᠨ ᠳᠤ | ᠦᠯᠦ ᠬᠦᠷᠦᠭᠰᠡᠳ ᠵᠢᠴᠢ ᠲᠡᠳᠡᠨ ᠤ ᠭᠡᠷ ᠪᠦᠯᠢ ᠶᠢ ᠨᠢ ᠬᠠᠯᠠᠮᠵᠢᠯᠠᠨ᠂ ᠠᠮᠢᠳᠤᠷᠠᠯ ᠤᠨ ᠪᠠᠳᠤᠯᠠᠭ᠎ᠠ ᠤᠯᠭᠤᠪᠠ᠃ | | | ᠲᠤᠬᠤᠨᠢᠭᠤᠯᠬᠤ ᠶᠠᠪᠤᠴᠠ ᠳᠤ ᠬᠡᠥᠬᠡᠳ ᠤᠳ ᠲᠠᠢ ᠰᠡᠳᠬᠢᠯ ᠤᠨ ᠦᠭᠡ ᠪᠠᠨ ᠶᠠᠷᠢᠯᠴᠠᠵᠦ᠂ ᠲᠡᠳᠡᠨ ᠤ | ᠠᠮᠢᠳᠤᠷᠠᠯ ᠰᠤᠷᠤᠯᠭ᠎ᠠ ᠶᠢᠨ ᠪᠠᠶᠢᠳᠠᠯ ᠵᠢᠴᠢ ᠬᠠᠪᠰᠣᠷᠠᠨ ᠰᠢᠢᠳᠪᠦᠷᠢᠯᠡᠬᠦ ᠴᠢᠬᠤᠯᠠᠳᠠᠢ ᠬᠦᠴᠢᠷᠳᠡᠯ ᠢ ᠨᠠᠷᠢᠨ | ᠤᠶᠢᠯᠠᠭᠠᠬᠤ ᠶᠢᠨ ᠬᠠᠮᠳᠦ ᠲᠤᠬᠤᠨᠢᠭᠤᠯᠬᠤ ᠪᠤᠳᠠᠰ ᠬᠦᠷᠭᠡᠵᠦ᠂ ᠲᠡᠳᠡᠨ ᠢ ᠬᠦᠴᠢᠷ ᠪᠡᠷᠬᠡᠰᠢᠶᠡᠯ ᠳᠤ ᠵᠦᠪ ᠢᠶᠠᠷ | ᠬᠠᠨᠳᠤᠵᠦ᠂ ᠰᠢᠷᠭᠠᠭᠤ ᠬᠠᠳᠠᠭᠤᠵᠢᠯᠳᠡᠢ ᠪᠠᠷ ᠰᠤᠷᠤᠯᠴᠠᠨ᠂ ᠡᠷᠡᠯᠬᠡᠭᠯᠡᠨ ᠲᠠᠪᠰᠢᠬᠤ ᠵᠤᠷᠢᠭ ᠰᠠᠨᠠᠭ᠎ᠠ ᠶᠢ ᠢᠮᠠᠭᠳᠠ | ᠪᠠᠷᠢᠮᠳᠠᠯᠠᠵᠦ᠂ ᠮᠡᠳᠡᠯᠭᠡ ᠪᠠᠷ ᠬᠤᠪᠢ ᠵᠠᠶᠠᠭ᠎ᠠ ᠪᠠᠨ ᠬᠤᠪᠢᠷᠠᠭᠤᠯᠵᠦ᠂ ᠤᠯᠤᠰ ᠤᠨ ᠲᠤᠯᠭᠠᠭᠤᠷᠢ ᠬᠦᠴᠦᠨ ᠪᠤᠯᠬᠤ | ᠬᠡᠷᠡᠭᠳᠡᠢ ᠭᠡᠵᠦ ᠵᠤᠷᠢᠭᠵᠢᠭᠤᠯᠪᠠ᠃ | | | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ | ᠨᠢ ᠬᠦᠴᠢᠷᠳᠡᠯᠳᠡᠢ ᠬᠡᠥᠬᠡᠳ ᠤᠨ ᠦᠰᠦᠨ ᠪᠤᠶᠢᠵᠢᠯᠳᠠ ᠶᠢ ᠦᠷᠭᠦᠯᠵᠢᠯᠡᠨ ᠠᠩᠬᠠᠷᠴᠦ᠂ ᠲᠡᠳᠡᠨ ᠳᠤ ᠡᠳ᠋ ᠪᠤᠳᠠᠰ | ᠤᠨ ᠲᠠᠯ᠎ᠠ ᠪᠠᠷ ᠬᠢ ᠬᠠᠯᠠᠮᠵᠢᠯᠠᠯ ᠬᠦᠷᠳᠡᠭᠡᠭᠰᠡᠨ ᠢᠶᠠᠷ ᠪᠠᠷᠠᠬᠤ ᠦᠭᠡᠢ᠂ ᠨᠡᠩ ᠴᠦ ᠤᠶᠤᠨ ᠰᠠᠨᠠᠭᠠᠨ ᠤ ᠲᠠᠯ᠎ᠠ ᠪᠠᠷ | ᠬᠢ ᠲᠠᠶᠢᠳᠬᠤᠷᠠᠭᠤᠯᠤᠯ ᠦᠭᠴᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃ |