ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨᠵᠢᠯᠡᠭᠡ ᠮᠡᠷᠭᠡᠵᠢᠯ ᠤᠨ ᠤᠷᠳᠤᠨ ᠭᠤᠤᠯ ᠰᠡᠳᠦᠪᠳᠦ ᠰᠣᠳᠣᠯᠣᠨ ᠰᠤᠷᠤᠯᠴᠠᠬᠤ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2023/10/11
      ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠦᠰᠦᠪ︾ ᠢ ᠭᠦᠨᠵᠡᠭᠡᠢ ᠲᠤᠭᠤᠰᠢᠯᠠᠭᠤᠯᠵᠤ᠂ ᠰᠢᠯᠢᠳᠡᠭ ᠰᠠᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠠᠮᠢ ᠠᠬᠤᠢ ᠶᠢ ᠴᠣᠭᠴᠠᠯᠠᠨ ᠪᠠᠶᠢᠭᠤᠯᠵᠤ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ 10ᠰᠠᠷ᠎ᠠ ᠶᠢᠨ11 ᠤ ᠡᠳᠦᠷ᠂ ᠳᠠᠷᠠᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠰᠢᠨᠵᠢᠯᠡᠭᠡ ᠮᠡᠷᠭᠡᠵᠢᠯ ᠤᠨ ᠣᠷᠳᠤᠨ ︽ᠪᠠᠶᠠᠷᠲᠠᠢ ᠰᠤᠷᠤᠯᠴᠠᠵᠤ᠂ ᠴᠢᠯᠦᠭᠡᠲᠡᠢ ᠰᠦᠪᠡᠭᠴᠢᠯᠡᠬᠦ︾ ᠭᠤᠤᠯ ᠰᠡᠳᠦᠪᠲᠦ ᠬᠦᠳᠡᠯᠭᠡᠭᠡᠨ ᠡᠷᠬᠢᠯᠡᠵᠦ᠂ ᠳᠠᠷᠠᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠢ ᠤᠷᠢᠵᠤ ᠤᠷᠤᠯᠴᠠᠭᠤᠯᠤᠭᠰᠠᠨ ᠪᠠᠶᠢᠨ᠎ᠠ᠃
微信图片_20231012092825_1.jpg
      ᠬᠦᠳᠡᠯᠭᠡᠭᠡᠨ ᠳᠤᠮᠳᠠ᠂ ᠰᠤᠷᠤᠭᠴᠢᠳ VR ᠮᠡᠷᠭᠡᠵᠢᠯ ᠤᠨ ᠡᠯᠧᠺᠲᠷᠣᠨ ᠲᠤᠭᠯᠠᠭᠠᠮ᠂ ᠳᠠᠭᠤ ᠭᠡᠷᠡᠯ ᠤᠨ ᠣᠶᠢᠯᠠᠭᠠᠯᠲᠠ᠂ AI ᠮᠡᠷᠭᠡᠵᠢᠯ ᠤᠨ ᠦᠵᠡᠯᠡᠪᠦᠷᠢ᠂ ᠴᠠᠬᠢᠯᠭᠠᠨ ᠰᠣᠷᠢᠨᠵᠢᠨ ᠨᠢᠭᠤᠴᠠ ᠶᠢ ᠬᠠᠶᠢᠨ ᠰᠦᠪᠡᠭᠴᠢᠯᠡᠬᠦ᠂ ᠲᠤᠭ᠎ᠠ ᠪᠣᠳᠤᠯᠭ᠎ᠠ ᠶᠢᠨ ᠷᠢᠳᠢ ᠰᠢᠳᠢ ᠵᠡᠷᠭᠡ ᠰᠢᠨᠵᠢᠯᠡᠬᠦ ᠤᠬᠠᠭᠠᠨ ᠤ ᠰᠢᠨᠵᠢᠯᠡᠭᠡ ᠮᠡᠷᠭᠡᠵᠢᠯ ᠢ ᠲᠤᠭᠤᠷᠢᠨ ᠦᠵᠡᠵᠤ ᠪᠡᠶᠡᠴᠢᠯᠡᠨ ᠤᠶᠢᠯᠭᠠᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠬᠡᠦᠬᠡᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠷ᠎ᠠ ᠰᠣᠨᠢᠷᠬᠠᠯ ᠢ ᠨᠢ ᠬᠦᠮᠦᠵᠢᠭᠦᠯᠵᠦ᠂ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠤᠷᠮ᠎ᠠ ᠪᠠᠬ᠎ᠠ ᠶᠢ ᠨᠢ ᠰᠡᠷᠭᠦᠭᠡᠨ᠂ ᠰᠢᠨᠵᠢᠯᠡᠬᠦ ᠤᠬᠠᠭᠠᠨ ᠤ ᠬᠡᠪ ᠴᠢᠨᠠᠷ ᠢ ᠨᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠦᠵᠡᠭᠦᠯᠦᠭᠰᠡᠨ ᠪᠠᠶᠢᠨ᠎ᠠ᠃
微信图片_20231012092826.jpg
微信图片_20231012092831.jpg
微信图片_20231012092831_1.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号