2023 ᠤᠨ ᠤ ︽ᠬᠤᠰᠢᠭᠤᠨ ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠳᠦ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/10/12
      ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠢᠷᠢ ᠲᠦᠪᠰᠢᠨ ᠢ ᠰᠢᠨ᠎ᠡ ᠲᠠᠪᠴᠠᠩ ᠳᠤ ᠬᠦᠷᠭᠡᠵᠦ᠂ ᠰᠤᠷᠤᠭᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠭᠴᠢᠳ ᠤᠨ ︽ᠣᠶᠤᠨ ᠤᠬᠠᠭᠠᠨ᠂ ᠡᠷᠡᠭᠦᠯ ᠴᠢᠭᠢᠷᠠᠭ᠂ ᠭᠤᠸ᠎ᠠ ᠬᠦᠳᠡᠯᠮᠦᠷᠢ︾ ᠶᠢᠨ ᠪᠦᠬᠦ ᠲᠠᠯ᠎ᠠ ᠶᠢᠨ ᠬᠥᠭᠵᠢᠯᠲᠡ ᠶᠢ ᠬᠦᠮᠦᠵᠢᠭᠦᠯᠬᠦ ᠶᠢᠨ ᠲᠥᠯᠦᠭᠡ᠂10 ᠰᠠᠷ᠎ᠠ ᠶᠢᠨ12 ᠤ ᠡᠳᠦᠷ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠰᠣᠶᠤᠯ ᠵᠢᠭᠤᠯᠴᠢᠯᠠᠯ ᠤᠨ ᠲᠣᠪᠴᠢᠶ᠎ᠠ ᠪᠤᠯᠤᠨ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ2023 ᠣᠨ ᠤ ︽ᠬᠤᠰᠢᠭᠤᠨ ᠳᠠᠷᠤᠭ᠎ᠠ ᠬᠤᠨᠳᠠᠭᠠᠲᠤ︾ ᠬᠦᠯ ᠪᠥᠮᠪᠦᠭᠡ ᠶᠢᠨ ᠬᠤᠯᠪᠤᠭᠠᠲᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠪᠠ᠃
微信图片_20231016084903.png
      ᠲᠤᠰ ᠤᠳᠠᠭᠠᠨ ᠤ ᠤᠷᠤᠯᠳᠤᠭᠠᠨ ᠳᠤ ᠡᠷᠡᠭᠲᠡᠢ ᠶᠢᠨ ᠳᠤᠭᠤᠶᠢᠯᠠᠩ ᠳᠤ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠲᠡᠷᠢᠭᠦᠯᠡᠵᠦ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠡᠳ᠋ᠯᠡᠵᠦ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠰᠢᠯᠢᠳᠡᠭ ᠨᠡᠷᠡᠰ ᠲᠤ ᠲᠤᠳᠤᠷᠠᠪᠠ᠃ ᠡᠮᠡᠭᠲᠡᠢ ᠶᠢᠨ ᠳᠤᠭᠤᠶᠢᠯᠠᠩ ᠳᠤ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠲᠡᠷᠢᠭᠦᠯᠡᠵᠦ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠳᠡᠳ᠋ᠯᠡᠵᠦ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠰᠢᠯᠢᠳᠡᠭ ᠨᠡᠷᠡᠰ ᠲᠤ ᠲᠤᠳᠤᠷᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ‌ᠨᠢ ᠡᠯ᠎ᠡ ᠰᠤᠷᠭᠠᠭᠤᠯᠢ ᠶᠢᠨ ᠲᠠᠮᠢᠷᠴᠢᠳ ᠤᠨ ᠤᠷ᠎ᠠ ᠠᠪᠢᠶᠠᠰ ᠢ ᠨᠢ ᠪᠠᠳᠠᠷᠠᠭᠤᠯᠵᠤ᠂ ᠬᠥᠯ ᠪᠥᠮᠪᠦᠭᠡ ᠶᠢᠨ ᠲᠠᠯ᠎ᠠ ᠪᠠᠷ ᠬᠢ ᠤᠶᠢᠯᠭᠠᠯᠲᠠ ᠶᠢ ᠨᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠪᠡᠶ᠎ᠡ ᠲᠠᠮᠢᠷ ᠤᠨ ᠬᠦᠳᠡᠯᠭᠡᠨ ᠤ ᠢᠳᠡᠪᠬᠢᠵᠢᠯ ᠢ ᠬᠥᠭᠵᠢᠭᠦᠯᠵᠦ᠂ ᠰᠤᠷᠤᠭᠴᠢ ᠶᠢᠨ ᠠᠮᠢᠳᠤᠷᠠᠯ ᠢ ᠤᠯᠠᠮ ᠪᠠᠶᠠᠯᠢᠭ ᠪᠤᠯᠭᠠᠭᠰᠠᠨ ᠪᠠᠶᠢᠨ᠎ᠠ᠃
 
微信图片_20231016084908.png
2微信图片_20231016084916_1.jpg
微信图片_20231016084918.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号