ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/10/17
      ᠣᠶᠢᠷ᠎ᠠ ᠶᠢᠨ ᠡᠳᠦᠷ ᠤᠳ ᠲᠤ᠂ ᠪᠥᠬᠦ ᠬᠤᠰᠢᠭᠤᠨ ᠤ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠬᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠤᠯ ᠰᠡᠳᠦᠪᠲᠦ ᠬᠥᠮᠦᠵᠢᠯ ᠤᠨ ᠦᠨᠳᠦᠰᠦᠨ ᠱᠠᠲᠤᠨ ᠳᠤ ᠪᠥᠬᠦ ᠲᠠᠯ᠎ᠠ ᠪᠠᠷ ᠡᠬᠢᠯᠡᠬᠦ᠂ ᠯᠠᠪᠳᠠᠭᠤᠨ ᠪᠠᠲᠤᠲᠠᠶ ᠠᠬᠢᠭᠤᠯᠬᠤ ᠶᠢ ᠬᠦᠴᠦᠯᠡᠨ ᠠᠬᠢᠭᠤᠯᠪᠠ᠃       ︽ᠦᠨᠡᠨ︾ ᠭᠡᠳᠡᠭ ᠢᠶᠠᠷ ᠭᠤᠣᠯᠳᠠᠯᠭ᠎ᠠ ᠪᠣᠯᠭᠠᠵᠤ᠂ ᠤᠨᠤᠯ ᠤᠨ ᠰᠤᠷᠤᠯᠴᠠᠯᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠤ ᠦᠢᠯᠡ ᠠᠵᠢᠯᠯᠠᠭ᠎ᠠ ᠳᠤ ᠤᠷᠤᠭᠤᠯᠤᠨ᠎ᠠ      ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠣᠨᠣᠯ ᠤᠨ ᠰᠤᠷᠤᠯᠴᠠᠯᠭ᠎ᠠ ᠶᠢ ᠭᠤᠤᠯ ᠰᠡᠳᠦᠪᠲᠦ ᠬᠥᠮᠦᠵᠢᠯ ᠳᠤ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠣᠨᠣᠯ ᠢ ᠪᠣᠳᠠᠲᠠᠶ ᠲᠠᠢ ᠤᠶᠠᠯᠳᠤᠭᠤᠯᠬᠤ ᠰᠤᠷᠤᠯᠴᠠᠬᠤ ᠰᠤᠷᠲᠠᠯ ᠢ ᠪᠠᠳᠠᠷᠠᠭᠤᠯᠵᠤ᠂ ᠦᠨᠡᠨ ᠰᠤᠷᠤᠯᠴᠠᠬᠤ᠂ ᠦᠨᠡᠨ ᠣᠶᠢᠯᠠᠭᠠᠬᠤ᠂ ᠦᠨᠡᠨ ᠢᠲᠡᠭᠡᠬᠦ᠂ ᠦᠨᠡᠨ ᠬᠡᠷᠡᠭᠯᠡᠬᠦ ᠶᠢ ᠪᠡᠶᠡᠯᠡᠭᠦᠯᠵᠦ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠭᠦᠨᠵᠡᠭᠡᠶ ᠰᠤᠷᠤᠯᠴᠠᠵᠤ ᠨᠠᠷᠢᠨ ᠣᠶᠢᠯᠠᠭᠠᠬᠤ ᠳᠤᠮᠳᠠ ᠨᠠᠮ ᠤᠨ ᠰᠢᠨ᠎ᠡ ᠶᠢ ᠡᠭᠦᠳᠬᠦ ᠣᠨᠣᠯ ᠢ ᠲᠠᠷᠢᠬᠢ ᠲᠣᠯᠣᠭᠠᠶ ᠳᠤ ᠬᠠᠳᠠᠩᠰᠢᠭᠤᠯᠤᠨ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠠᠬᠢᠭᠤᠯᠪᠠ᠃ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠡᠷᠭᠡ ᠨᠢᠭᠡᠴᠡ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠦᠷᠭᠦᠯᠵᠢᠯᠡᠨ ᠥᠷᠨᠢᠭᠦᠯᠪᠡ᠃      ᠮᠠᠨᠳᠤᠯ ᠪᠠᠯᠭᠠᠰᠤ ︽ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠵᠤ᠂ ᠦᠯᠢᠭᠡᠷ ᠳᠠᠭᠤᠷᠢᠶᠠᠯ ᠤᠨ ᠬᠦᠴᠦᠨ ᠢ ᠮᠡᠳᠡᠷᠡᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠯᠢ ᠬᠢᠵᠠᠭᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠢᠯᠢ ᠬᠢᠵᠠᠭᠠᠷ ᠢ ᠲᠣᠭᠤᠷᠢᠨ ᠪᠠᠶᠢᠴᠠᠭᠠᠵᠤ ᠬᠢᠯᠢ ᠬᠢᠵᠠᠭᠠᠷ ᠢ ᠬᠠᠮᠠᠭᠠᠯᠠᠬᠤ᠂ ᠲᠤᠬᠠᠶ ᠶᠢᠨ ᠲᠠᠯᠠᠪᠤᠷ ᠲᠤ ᠶᠠᠷᠢᠶ᠎ᠠ ᠲᠠᠯᠪᠢᠬᠤ︾ ᠵᠡᠷᠭᠡ ᠠᠮᠢᠳᠤᠯᠢᠭ ᠬᠡᠯᠪᠡᠷᠢ ᠪᠠᠷ ᠳᠠᠮᠵᠢᠭᠤᠯᠤᠨ᠂ ᠮᠠᠯᠴᠢᠳ ᠲᠤ ︽ᠲᠠᠪᠤᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠲᠣᠳᠣᠷᠬᠠᠶ ᠶᠠᠷᠢᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠬᠦᠴᠦᠷᠬᠡᠭ ᠶᠡᠭᠡ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃      ᠰᠢ ᠾᠧ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾ ᠶᠢᠨ ᠭᠤᠤᠯ ᠰᠡᠳᠦᠪ ᠤᠨ ᠲᠣᠭᠤᠷᠢᠨ ᠳᠤ᠂ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠡᠷᠬᠢᠯᠡᠭᠴᠢ ᠵᠢᠴᠢ ᠬᠡᠰᠡᠭ ᠰᠢᠶᠠᠩ ᠤᠨ ᠡᠮᠡᠭᠲᠡᠶ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ︽ᠨᠠᠷᠢᠯᠢᠭ︾ ᠪᠠᠶᠢᠬᠤ ᠶᠢ ᠲᠡᠷᠢᠭᠦᠨ ᠳᠤ ᠲᠠᠯᠪᠢᠵᠤ᠂ ᠭᠤᠤᠯ ᠰᠡᠳᠦᠪᠲᠦ ᠬᠥᠮᠦᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠪᠠ      ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠰᠠᠶᠢᠲᠤᠷ ᠥᠷᠨᠢᠭᠦᠯᠬᠦ ᠪᠣᠯ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠨᠠᠩ ᠴᠤ ᠲᠡᠷᠢᠭᠦᠨ ᠴᠢᠬᠤᠯᠠ ᠤᠯᠤᠰ ᠲᠥᠷᠦ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠩᠭ᠎ᠠ ᠱᠠᠭᠠᠷᠳᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠴᠢᠭᠯᠡᠯ ᠣᠨᠣᠪᠴᠢᠲᠠᠶ᠂ ᠳᠡᠰ ᠳᠠᠷᠠᠭᠠᠯᠠᠯ ᠵᠢᠷᠤᠮᠵᠢᠭᠤᠨ᠂ ᠠᠬᠢᠴᠠ ᠤᠷᠤᠭᠰᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠣᠶᠢᠷ᠎ᠠ ᠶᠢᠨ ᠬᠤᠭᠤᠴᠠᠭᠠᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ ᠤᠨ ᠰᠤᠷᠤᠯᠴᠠᠯᠭ᠎ᠠ᠂ ᠳᠡᠯᠭᠡᠷᠡᠭᠦᠯᠦᠯᠲᠡ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ᠮᠢᠩᠭᠠᠨ ᠪᠠᠯᠭᠠᠰᠤ᠂ ᠦᠬᠡᠷᠬᠤᠳᠳᠤᠭ ᠪᠠᠯᠭᠠᠰᠤ ᠵᠡᠷᠭᠡ ᠰᠤᠮᠤ ᠰᠢᠶᠠᠩ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠭᠤᠤᠯ ᠰᠡᠳᠦᠪᠲᠦ ᠬᠥᠮᠦᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠥᠷᠨᠢᠭᠦᠯᠪᠡ᠃ ᠡᠯ᠎ᠡ ᠱᠠᠲᠤᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠶᠢ ᠡᠵᠡᠮᠰᠢᠨ᠂ ᠲᠣᠰ ᠪᠡᠶ᠎ᠡ ᠪᠠᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ︽ᠮᠡᠷᠭᠡᠨ ᠬᠥᠮᠦᠨ︾ ᠪᠣᠯᠭᠠᠬᠤ ᠬᠡᠷᠡᠭᠲᠡᠶ᠃      ᠰᠢᠷᠠᠮᠥ᠋ᠷᠡᠨ ᠪᠠᠯᠭᠠᠰᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠶᠠᠷᠢᠯᠴᠠᠬᠤ ᠬᠤᠷᠠᠯ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ 3 ᠠᠰᠠᠭᠤᠳᠠᠯ ᠢ ᠡᠮᠬᠢᠯᠡᠵᠦ᠂ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠤᠨ ᠨᠠᠷᠢᠨ ᠲᠠᠩᠰᠠ︾᠂ ︽ᠤᠳᠤᠷᠢᠳᠬᠤ ᠪᠠᠭ ᠤᠨ ᠠᠰᠠᠭᠤᠳᠠᠯ ᠤᠨ ᠨᠠᠷᠢᠨ ᠲᠠᠩᠰᠠ︾ ᠵᠢᠴᠢ ︽ᠲᠤᠰᠬᠠᠶ ᠴᠡᠭᠴᠡᠯᠡᠨ ᠵᠠᠰᠠᠬᠤ ᠲᠥᠰᠦᠯ︾ ᠢ ᠲᠣᠭᠲᠠᠭᠠᠵᠤ᠂ ᠡᠬᠡ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠲᠥᠷᠥᠯ ᠵᠦᠢᠯ ᠪᠣᠯᠭᠠᠨ ᠠᠬᠢᠭᠤᠯᠬᠤ ᠶᠢ ᠬᠡᠷᠡᠭᠵᠢᠭᠦᠯᠵᠦ᠂ ᠨᠢᠭᠡ ᠶᠢ ᠪᠡᠶᠡᠯᠡᠭᠦᠯᠪᠡᠯ ᠨᠢᠭᠡ ᠶᠢ ᠬᠠᠰᠤᠬᠤ ᠶᠢ ᠦᠨᠡᠨᠬᠦ ᠪᠠᠲᠤᠯᠠᠪᠠ᠃      ︽ᠪᠣᠳᠠᠲᠠᠢ︾ ᠭᠡᠬᠦ ᠥᠰᠥᠭ ᠢᠶᠠᠷ ᠬᠦᠴᠦᠯᠡᠵᠦ᠂ ᠬᠤᠯᠪᠣᠭᠠᠯᠠᠨ ᠪᠠᠶᠢᠴᠠᠭᠠᠨ ᠰᠤᠳᠤᠯᠤᠯᠲᠠ ᠬᠢᠵᠦ ᠶᠠᠰᠤ ᠴᠢᠨᠠᠷ ᠦᠷ᠎ᠡ ᠪᠦᠲᠦᠮᠵᠢ ᠤᠯᠪᠠ      ᠬᠤᠰᠢᠭᠤᠨ ᠤ ᠤᠳᠤᠷᠢᠳᠤᠯᠭ᠎ᠠ ᠲᠦᠷᠦᠭᠦᠯᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠰᠢᠢᠳᠪᠦᠷᠢᠯᠡᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠡᠨ ᠠᠴᠠ ᠵᠥᠪ ᠢ ᠡᠷᠢᠬᠦ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠬᠦ ᠶᠢ ᠪᠠᠷᠢᠮᠲᠠᠯᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠨ ᠰᠡᠳᠬᠢᠴᠡ ᠪᠠᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠪᠠ᠃      ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠨᠢᠭᠡᠳᠦᠮᠡᠯ ᠹᠷᠣᠨᠲ ᠤᠨ ᠭᠡᠰᠢᠭᠦᠳ ᠤᠨ ᠶᠠᠷᠢᠯᠴᠠᠬᠤ ᠬᠤᠷᠠᠯ᠂ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ᠂ ᠰᠦᠯᠵᠢᠶᠡᠨ ᠤ ᠤᠯᠠᠭᠠᠨ ᠬᠠᠮᠲᠤᠷᠠᠭᠰᠠᠨ ᠨᠠᠮ ᠤᠨ ᠡᠭᠦᠷ ᠤᠨ ᠬᠤᠷᠠᠯ ᠵᠡᠷᠭᠡ ᠬᠡᠯᠪᠡᠷᠢ ᠪᠠᠷ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠨᠠᠮ ᠤᠨ ᠭᠠᠳᠠᠨᠠᠬᠢ ᠬᠥᠮᠦᠰ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠪᠠ᠃      ᠳᠠᠷᠬᠠᠨ ᠰᠤᠮᠤ᠄ ᠰᠥᠨᠢᠳ ᠵᠡᠭᠦᠨ ᠬᠤᠰᠢᠭᠤᠨ ᠳᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠲᠥᠷᠥᠯ ᠵᠦᠶ᠋ᠯ ᠵᠢᠴᠢ ᠠᠵᠤ ᠦᠶ᠋ᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢ ᠰᠢᠨᠵᠢᠯᠡᠨ ᠪᠠᠶᠢᠴᠠᠭᠠᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号