ᠱᠢ ᠵᠦᠩ ᠴᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/18
      10 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠴᠠᠩ ᠱᠢ ᠵᠥᠩ ᠴᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃      ᠶᠢᠨ ᠣᠪᠣᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠢᠵᠢ ᠪᠦᠷᠢᠳᠦᠭᠦᠯᠬᠦ ᠵᠢᠯ ᠳᠤ 2 × 40 ᠲᠦᠮᠡᠨ ᠲᠣᠨ ᠬᠦᠬᠦᠷ ᠬᠦᠴᠢᠯ ᠤᠨ ᠲᠥᠷᠥᠯ ᠵᠦᠢᠯ ᠂ ᠶᠤᠸᠠᠨ ᠵᠢᠩ ᠪᠣᠬᠢᠷᠲᠤᠯ ᠥᠬᠡᠶ ᠴᠡᠪᠡᠷ ᠲᠡᠮᠦᠷᠯᠢᠭ ᠪᠣᠯᠪᠠᠰᠤᠷᠠᠭᠤᠯᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠱᠢ ᠵᠥᠩ ᠴᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠢᠬᠤᠯᠠ ᠶᠡᠭᠡ ᠲᠥᠷᠥᠯ ᠵᠦᠢᠯ ᠪᠣᠯ ᠨᠡᠮᠡᠭᠳᠡᠯ ᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠬᠤ ︽ᠰᠠᠭᠤᠷᠢ ᠴᠢᠯᠠᠭᠤ︾ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠳᠣᠪᠤᠶᠢᠯᠭᠠᠨ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ᠂ ᠠᠰᠠᠭᠤᠳᠠᠯ ᠢ ᠠᠩᠬᠠᠷᠤᠨ ᠰᠢᠶ᠋ᠳᠪᠦᠷᠢᠯᠡᠬᠦ᠂ ᠵᠣᠬᠢᠴᠠᠭᠤᠯᠤᠨ ᠦᠶ᠋ᠯᠡᠴᠢᠯᠡᠬᠦ ᠵᠡᠷᠭᠡ ᠠᠵᠢᠯ ᠢ ᠪᠣᠳᠠᠲᠠᠶ ᠠᠳᠬᠤᠵᠤ᠂ ᠲᠥᠷᠥᠯ ᠵᠦᠶ᠋ᠯ ᠤᠨ ᠲᠦᠷᠭᠡᠨ ᠪᠥᠲᠥᠭᠡᠨ ᠪᠠᠶᠢᠭᠤᠯᠤᠯᠲᠠ᠂ ᠲᠦᠷᠭᠡᠨ ᠪᠠᠷᠢᠯᠭ᠎ᠠ ᠳᠠᠭᠤᠰᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠬᠢᠭᠡᠳ ᠠᠶᠤᠯ ᠥᠬᠡᠶ ᠦᠢᠯᠡᠳᠪᠦᠷᠢᠯᠡᠯ ᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠭᠤᠯᠤᠯ᠂ ᠲᠦᠷᠢᠮ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠲᠦᠪᠰᠢᠨ ᠢᠶᠠᠷ ᠬᠥᠭᠵᠢᠯᠲᠡ ᠶᠢ ᠠᠬᠢᠭᠤᠯᠬᠤ᠂ ᠬᠥᠭᠵᠢᠯᠲᠡ ᠪᠠᠷ ᠠᠮᠤᠷ ᠲᠦᠪᠰᠢᠨ ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃      ᠬᠤᠸᠠᠩ ᠬᠤᠸᠠ ᠲᠠᠨ ᠲᠣᠰᠬᠤᠨ ᠤ ᠠᠯᠠᠰᠢᠨ ᠬᠤᠨᠢᠨ ᠤ ᠦᠷᠡᠵᠢᠭᠦᠯᠬᠦ ᠳᠡᠯᠭᠡᠷᠡᠭᠦᠯᠦᠯᠲᠡ ᠶᠢ ᠨᠢᠭᠡ ᠴᠤᠬᠴᠠᠵᠢᠭᠤᠯᠤᠬᠰᠠᠨ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠱᠢ ᠵᠦᠩ ᠴᠢᠨ ᠬᠤᠸᠠᠩ ᠬᠤᠸᠠ ᠲᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠢᠴᠢ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠪᠡ᠃ ᠲᠡᠷᠡ᠂ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠃ ᠬᠦᠷᠢᠶᠡᠯᠡᠩ ᠲᠣᠭᠤᠷᠢᠭ ᠤᠨ ᠡᠨᠡ ᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠬᠤᠳᠠᠯᠳᠤᠭᠠᠴᠢᠨ ᠤᠷᠢᠵᠤ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠨᠠᠩ ᠣᠯᠠᠨ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠪᠥᠬᠦ ᠬᠦᠴᠦᠨ ᠢᠶᠠᠷ ᠢᠶᠠᠨ ᠦᠢᠯᠡᠴᠢᠯᠡᠨ ᠪᠠᠶᠢᠭᠤᠯᠬᠤ ᠬᠡᠷᠡᠭᠲᠡᠶ᠃ ᠲᠦᠷᠦᠯ ᠵᠦᠢᠯ ᠤᠨ ᠲᠦᠷᠭᠡᠨ ᠠᠮᠤᠷ ᠲᠦᠪᠰᠢᠨ ᠤ ᠪᠠᠶᠢᠭᠤᠯᠤᠯᠲᠠ ᠶᠢ ᠳᠡᠮᠵᠢᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃      ᠬᠤᠰᠢᠭᠤᠨ ᠤ ᠤᠳᠤᠷᠢᠳᠤᠯᠭ᠎ᠠ ᠳ᠋ᠦᠩ ᠺᠠᠶ᠂ ᠯᠢ ᠪᠦᠦ ᠴᠦᠨ᠂ ᠰᠦᠨ ᠿᠢ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号