ᠱᠢ ᠵᠥᠩ ᠴᠢᠨ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/18
      10 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠴᠠᠩ ᠱᠢ ᠵᠥᠩ ᠴᠢᠨ 2023 ᠣᠨ ᠤ 10 ᠳ᠋ᠤᠭᠠᠷ ᠤᠳᠠᠭᠠᠨ ᠤ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠭᠤᠷᠪᠠᠳᠤᠭᠠᠷ ᠤᠯᠠᠷᠢᠯ ᠤᠨ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠪᠣᠯ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠢᠭᠡ ᠤᠳᠠᠭᠠᠨ ᠤ ᠲᠥᠪᠯᠡᠷᠡᠭᠦᠯᠦᠨ ᠰᠢᠯᠭᠠᠨ ᠦᠵᠡᠬᠦ ᠶᠠᠪᠤᠳᠠᠯ ᠪᠣᠯᠬᠤ ᠪᠠᠷ ᠪᠠᠷᠠᠬᠤ ᠥᠬᠡᠶ᠂ ᠪᠠᠰᠠ ᠴᠤ ᠮᠠᠨ ᠤ ᠬᠤᠰᠢᠭᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠢᠯᠡᠷᠡᠭᠦᠯᠬᠦ‍ ᠨᠢᠭᠡ ᠤᠳᠠᠭᠠᠨ ᠤ ᠴᠢᠬᠤᠯᠠ ᠠᠵᠠ ᠲᠣᠬᠢᠶᠠᠯ ᠪᠣᠯᠤᠨ᠎ᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠣᠳᠣᠨ ᠪᠦᠲᠦᠭᠡᠯ ᠤᠨ ᠤᠬᠠᠮᠰᠠᠷ ᠢ ᠪᠠᠷᠢᠮᠲᠠᠯᠠᠨ᠂ ᠨᠠᠷᠢᠨ ᠵᠦᠢᠯᠡᠰ ᠢ ᠳᠡᠭᠡᠭᠰᠢᠯᠡᠭᠦᠯᠬᠦ᠂ ᠲᠤᠬᠠᠶ ᠶᠢᠨ ᠲᠠᠯᠠᠪᠤᠷ ᠢ ᠪᠣᠶ ᠪᠣᠯᠭᠠᠬᠤ᠂ ᠠᠭᠤᠷ ᠠᠮᠢᠰᠬᠤᠯ ᠢ ᠪᠣᠶ ᠪᠣᠯᠭᠠᠬᠤ᠂ ᠮᠥᠷᠳᠡᠨ ᠰᠢᠮᠳᠠᠭᠤᠯᠤᠨ ᠪᠠᠶᠢᠴᠠᠭᠠᠬᠤ ᠳᠡᠭᠡᠷ᠎ᠡ ᠬᠦᠴᠦ ᠲᠠᠯᠪᠢᠵᠤ᠂ ᠦᠵᠡᠭᠦᠯᠦᠯᠭᠡ ᠶᠢᠨ ᠠᠵᠢᠯᠯᠠᠭ᠎ᠠ ᠶᠢᠨ ᠭᠤᠶᠢᠳᠠ ᠰᠠᠶᠢᠬᠠᠨ ᠢᠯᠡᠷᠡᠯ᠂ ᠥᠨᠳᠥᠷ ᠢᠯᠭᠠᠭ᠎ᠠ ᠲᠠᠢ ᠬᠠᠷᠢᠭᠤᠯᠲᠠ ᠶᠢᠨ ᠬᠠᠭᠤᠳᠠᠰᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠤᠨ ᠲᠠᠬᠢᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠵᠦ᠂ ᠬᠥᠭᠵᠢᠯᠲᠡ ᠶᠢᠨ ᠰᠡᠳᠬᠢᠴᠡ᠂ ᠬᠠᠷᠠᠯᠲᠠ ᠡᠭᠦᠷᠭᠡ ᠪᠣᠯᠤᠨ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠣᠯᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号