【 ᠭᠤᠤᠯ ᠰᠡᠳᠦᠪᠲᠦ ᠬᠥᠮᠦᠵᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠯᠠᠭ᠎ᠠ 】 ᠪᠦᠬᠦ ᠬᠤᠰᠢᠭᠤᠨ ᠤ ᠠᠩᠬᠠᠳᠠᠭᠴᠢ ᠵᠢᠩᠬᠢᠨᠢ ᠪᠠᠷ ᠠᠰᠢᠭᠯᠠᠯᠲᠠ ᠳᠤ ᠣᠷᠤᠪᠠ ︕
ᠨᠡᠶᠢᠲᠡᠯᠡᠭᠰᠡᠨ ᠴᠠᠭ᠄
2023/10/19
      10 ᠰᠠᠷ᠎ᠠ ᠶᠢᠨ 17 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠤᠸᠠᠨ ᠤ ᠰᠢᠨ᠎ᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠠᠵᠢᠯ ᠡᠬᠢᠯᠡᠵᠦ᠂ ᠪᠥᠬᠦ ᠬᠤᠰᠢᠭᠤᠨ ᠤ ᠠᠩᠬᠠᠳᠠᠭᠴᠢ ᠲᠣᠮᠣ ᠬᠡᠯᠪᠡᠷᠢ ᠶᠢᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠮᠠᠯ ᠤᠨᠤᠭᠠᠨ ᠤ ᠪᠣᠷᠣᠯᠠᠭᠤᠯᠭ᠎ᠠ ᠰᠠᠶᠢᠲᠠᠢ ᠤᠯᠠᠷᠢᠯ ᠪᠣᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠤᠸᠠᠨ ᠤ ᠰᠢᠨ᠎ᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠲᠤᠬᠠᠢ ᠶᠢᠨ ᠡᠳᠦᠷ ᠲᠤ ᠮᠠᠯ ᠤᠨᠤᠭ᠎ᠠ ᠬᠤᠳᠠᠯᠳᠤᠨ ᠠᠪᠬᠤ ᠪᠠᠷ ᠢᠷᠡᠭᠰᠡᠨ ᠲᠡᠷᠭᠡ ᠲᠠᠰᠤᠷᠠᠯᠳᠡ ᠦᠭᠡᠢ ᠣᠯᠠᠰᠢᠷᠠᠵᠤ᠂ ᠲᠤᠬᠠᠢ ᠶᠢᠨ ᠲᠠᠯᠠᠪᠠᠢ ᠳᠤ ᠬᠥᠮᠦᠨ ᠬᠤᠷᠠᠨ ᠴᠤᠭᠯᠠᠷᠠᠵᠤ᠂ ᠬᠦᠷ ᠬᠥᠭᠵᠢᠶᠡᠨ ᠲᠠᠢ ᠪᠠᠶᠢᠯ᠎ᠠ᠃ ᠮᠢᠩᠭᠠᠨ ᠪᠠᠯᠭᠠᠰᠤᠨ ᠠᠴᠠ ᠢᠷᠡᠭᠰᠡᠨ ᠮᠠᠯᠴᠢᠨ ᠭᠦᠸᠧ ᠵᠦᠩ ᠥᠷᠯᠥᠭᠡ ᠡᠷᠲᠡ ᠵᠠᠬ᠎ᠠ ᠳᠡᠯᠭᠡᠭᠦᠷ ᠲᠤ ᠢᠷᠡᠵᠦ᠂ ᠬᠤᠶᠠᠷ ᠴᠠᠭ ᠪᠣᠯᠤᠭ᠎ᠠ ᠦᠭᠡᠢ ᠪᠠᠷ ᠲᠡᠷᠡ ᠲᠣᠬᠢᠷᠠᠮᠵᠢᠲᠠᠢ ᠬᠤᠳᠠᠯᠳᠤᠨ ᠠᠪᠤᠭᠴᠢ ᠶᠢ ᠣᠯᠵᠤ᠂ ᠥᠪᠡᠷ ᠤᠨ ᠦᠬᠡᠷ ᠬᠤᠨᠢ ᠪᠠᠨ ᠬᠤᠳᠠᠯᠳᠤᠪᠠ᠃
19102405t3aa.jpg
      ︽ᠪᠢ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠳᠡᠪᠢᠰᠬᠡᠷ ᠥᠰᠴᠤ ᠪᠠᠶᠢᠭ᠎ᠠ ᠮᠠᠯᠴᠢᠨ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠠᠶᠢᠭᠤᠯᠤᠭᠳᠠᠭᠰᠠᠨ ᠨᠢ ᠮᠠᠨ ᠤ ᠮᠠᠯᠴᠢᠳ ᠲᠤ ᠠᠪᠴᠤ ᠬᠡᠯᠡᠪᠡᠯ ᠦᠬᠡᠷ ᠬᠤᠨᠢ ᠶᠢ ᠪᠣᠷᠣᠯᠠᠭᠤᠯᠬᠤ ᠳᠤ ᠨᠠᠩ ᠳᠥᠭᠦᠮ ᠪᠣᠯᠵᠤ᠂ ᠠᠳᠡᠬᠢ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠥᠬᠦᠭᠡᠷᠦᠮᠵᠢ ᠴᠦ ᠮᠠᠰᠢ ᠪᠦᠷᠢᠨ ᠭᠦᠢᠴᠡᠳ ᠪᠠᠶᠢᠨ᠎ᠠ︾ ᠭᠡᠵᠡᠶ᠃ ᠭᠦᠡ ᠵᠤᠨ ᠪᠠᠶᠠᠷᠲᠠᠢ ᠪᠠᠷ ᠰᠤᠷᠪᠤᠯᠵᠢᠯᠠᠭᠴᠢ ᠳᠤ ᠲᠠᠨᠢᠯᠴᠠᠭᠤᠯᠪᠠ᠃      ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ᠂ ᠬᠦᠯᠢᠶᠡᠬᠦ ᠥᠬᠡᠶ ᠲᠦᠰᠢᠭᠯᠡᠬᠦ ᠥᠬᠡᠶ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠦᠨ᠎ᠡ ᠨᠢ ᠰᠤᠷᠤᠯᠴᠠᠬᠤ᠂ ᠡᠮᠦᠨ᠎ᠡ ᠨᠢ ᠥᠭᠡᠷᠡᠴᠢᠯᠡᠬᠦ᠂ ᠡᠮᠦᠨ᠎ᠡ ᠨᠢ ᠠᠵᠢᠯᠯᠠᠬᠤ ᠶᠢ ᠴᠢᠷᠮᠠᠶᠢᠨ ᠪᠡᠶᠡᠯᠡᠭᠦᠯᠵᠦ᠂ ᠮᠠᠨ ᠤ ᠬᠤᠰᠢᠭᠤᠨ ᠤ ᠲᠣᠮᠣ ᠬᠡᠯᠪᠡᠷᠢ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ ᠥᠷᠭᠡᠨ ᠣᠯᠠᠨ ᠮᠠᠯᠴᠢᠨ ᠲᠠᠷᠢᠶᠠᠴᠢᠨ ᠤ ᠮᠠᠯ ᠠᠷᠠᠯᠵᠢᠶᠠᠯᠠᠬᠤ ᠳᠤ ᠬᠦᠴᠢᠷᠲᠡᠶ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠨᠢᠭᠡᠨ ᠴᠢᠳᠠᠮᠵᠢ ᠪᠦᠷᠢᠨ ᠲᠡᠭᠦᠯᠳᠡᠷ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠡᠯᠡᠳᠬᠡᠨ ᠪᠠᠶᠢᠭᠤᠯᠬᠤ ᠪᠠᠷ ᠲᠣᠭᠲᠠᠪᠠ᠃ ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠤᠸᠠᠨ ᠤ ᠰᠢᠨ᠎ᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ 335 ᠤᠯᠤᠰ ᠤᠨ ᠵᠠᠮ ᠪᠠ 211 ᠤᠯᠤᠰ ᠤᠨ ᠵᠠᠮ ᠤᠨ ᠠᠭᠤᠯᠵᠠᠷ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 100 ᠮᠥ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1000 ᠲᠦᠮᠡᠨ ᠲᠥᠭᠦᠷᠢᠭ ᠪᠣᠯᠤᠨ᠎ᠠ᠃ ᠲᠣᠰ ᠵᠠᠬ᠎ᠠ ᠳᠡᠯᠭᠡᠭᠦᠷ ᠢ ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠹᠦ᠋ ᠶᠤᠸᠠᠨ ᠢ ᠾᠧ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠬᠦᠴᠦ ᠪᠠᠨ ᠬᠠᠮᠲᠤᠳᠬᠠᠨ ᠪᠥᠲᠥᠭᠡᠨ ᠪᠠᠶᠢᠭᠤᠯᠤᠨ᠎ᠠ᠃
ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠳᠣᠬᠠᠨ ᠳᠤ ᠠᠷᠠᠯᠵᠢᠶᠠᠨ ᠤ ᠲᠢᠩᠬᠢᠮ᠂ ᠬᠢᠵᠢᠭ ᠪᠠᠶᠢᠴᠠᠭᠠᠬᠤ ᠣᠷᠣᠨ᠂ ᠲᠡᠵᠢᠭᠡᠯ ᠡᠪᠡᠰᠦ ᠪᠣᠷᠣᠯᠠᠭᠤᠯᠬᠤ ᠣᠷᠣᠨ ᠵᠡᠷᠭᠡ ᠡᠯ᠎ᠡ ᠲᠥᠷᠥᠯ ᠤᠨ ᠴᠢᠳᠠᠮᠵᠢᠳᠤ ᠣᠷᠣᠨ ᠢ ᠭᠠᠷᠭᠠᠵᠤ᠂ ᠠᠷᠠᠯᠵᠢᠶᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ᠂ ᠬᠠᠳᠠᠭᠠᠯᠠᠵᠤ ᠲᠡᠭᠡᠭᠡᠪᠦᠷᠢᠯᠡᠬᠦ᠂ ᠮᠡᠳᠡᠭᠡ ᠵᠠᠩᠭᠢ ᠶᠢᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ᠎ᠠ᠃ ᠲᠣᠰ ᠵᠠᠬ᠎ᠠ ᠳᠡᠯᠭᠡᠭᠦᠷ ᠨᠢ ᠬᠤᠨᠢ᠂ ᠦᠬᠡᠷ᠂ ᠮᠣᠷᠢ ᠵᠡᠷᠭᠡ ᠮᠠᠯ ᠤᠨ ᠠᠷᠠᠯᠵᠢᠶ᠎ᠠ ᠪᠠᠷ ᠭᠤᠣᠯᠯᠠᠵᠤ᠂ ᠵᠢᠯ ᠳᠤ 30 ᠲᠦᠮᠡᠨ ᠠᠮᠢᠳᠤ ᠮᠠᠯ ᠣᠷᠣᠭᠤᠯᠵᠤ ᠭᠠᠷᠭᠠᠨ᠂ ᠡᠷᠬᠢᠨ ᠲᠣᠭᠤᠷᠢᠨ ᠤ 10 ᠭᠠᠷᠤᠢ ᠬᠤᠲᠠ ᠰᠢᠶᠠᠨ ᠲᠣᠭᠤᠷᠢᠭ ᠢ ᠨᠥᠯᠥᠭᠡᠯᠡᠨ ᠳᠠᠶᠢᠴᠢᠯᠠᠵᠤ᠂ ᠥᠪᠥᠷ ᠮᠣᠩᠭᠤᠯ ᠤᠨ ᠪᠠᠷᠠᠭᠤᠨ ᠬᠤᠶᠢᠲᠤ ᠬᠡᠰᠡᠭ ᠤᠨ ᠬᠠᠮᠤᠭ ᠤᠨ ᠶᠡᠭᠡ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠪᠠᠷ ᠴᠢᠷᠮᠠᠶᠢᠨ᠎ᠠ᠃ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠬᠤᠸᠠᠢ ᠵᠠᠩ ᠢᠯᠡᠷᠬᠡᠶᠢᠯᠡᠬᠦ ᠳᠡᠭᠡᠨ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠭᠤᠤᠯᠳᠠᠭᠤ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠣᠯᠢᠯᠴᠠᠭ᠎ᠠ ᠳᠤ ᠬᠦᠴᠦ ᠲᠠᠯᠪᠢᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠠᠮᠢᠳᠤ ᠮᠠᠯ ᠢ ᠰᠢᠯᠢᠳᠡᠭ ᠦᠨ᠎ᠡ ᠪᠠᠷ ᠬᠤᠳᠠᠯᠳᠤᠵᠤ᠂ ︽ᠳᠠᠷᠬᠠᠨ ᠮᠤᠤ ᠶᠢᠨ ᠲᠠᠯ᠎ᠠ ᠨᠤᠲᠤᠭ ᠤᠨ ᠬᠤᠨᠢ︾ ᠶᠢᠨ ᠨᠠᠷᠠᠲᠤ ᠲᠡᠮᠳᠡᠭ ᠢ ᠳᠠᠷᠬᠠᠨ ᠮᠤᠤ ᠶᠢᠨ ᠪᠥᠬᠦ ᠤᠯᠤᠰ ᠲᠤ ᠳᠡᠯᠭᠡᠷᠡᠭᠦᠯᠦᠨ᠎ᠡ ᠭᠡᠵᠡᠶ᠃ ᠶᠤᠸᠠᠨ ᠤ ᠰᠢᠨ᠎ᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠠᠶᠢᠭᠤᠯᠤᠭᠳᠠᠭᠰᠠᠨ ᠨᠢ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠣᠯᠠᠨ ᠲᠠᠯ᠎ᠠ ᠪᠠᠷ ᠬᠠᠮᠲᠤ ᠪᠠᠷ ᠠᠰᠢᠭ ᠬᠦᠷᠲᠡᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠪᠡ᠃
191024068xv5.jpg
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号