ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/19
      10 ᠰᠠᠷ᠎ᠠ ᠶᠢᠨ 18 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠰᠢᠶᠧ ᡁᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳ᠋ᠢᠩ ᠰᠢᠤ ᠹᠧᠩ ᠱᠦᠵᠢ ᠶᠢᠨ ᠬᠥᠨᠳᠡᠯᠡᠨ ᠲᠣᠭᠤᠷᠢᠭ᠂ ᠵᠢᠥ ᠶᠤᠸᠠᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠵᠢᠭᠠᠪᠤᠷᠢ ᠱᠠᠭᠠᠷᠳᠠᠯᠭ᠎ᠠ ᠪᠣᠯᠤᠨ ᠪᠥᠬᠦ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠪᠠᠶᠢᠴᠠᠭᠠᠨ ᠰᠤᠳᠤᠯᠤᠯᠲᠠ ᠬᠢᠬᠦ ᠬᠤᠷᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠬᠡᠰᠡᠭ ᠨᠢᠭᠡᠴᠡ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ᠂ ᠭᠤᠤᠯ ᠰᠡᠳᠦᠪ ᠭᠤᠤᠯ ᠱᠤᠭᠤᠮ ᠤᠨ ᠲᠠᠯ᠎ᠠ ᠪᠠᠷ ᠳᠠᠬᠢᠨ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠲᠠᠢ ᠨᠢᠭᠲᠠ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠬᠦᠴᠦᠨ ᠢᠶᠠᠨ ᠲᠥᠪᠯᠡᠷᠡᠭᠦᠯᠵᠦ᠂ ᠣᠨᠣᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠰᠤᠷᠤᠯᠴᠠᠬᠤ ᠠᠭᠤᠯᠭ᠎ᠠ ᠶᠢ ᠭᠤᠤᠯ ᠰᠢᠵᠢᠮ ᠳᠤ ᠲᠥᠪᠯᠡᠷᠡᠭᠦᠯᠬᠦ᠂ ᠰᠤᠷᠤᠯᠴᠠᠬᠤ ᠠᠷᠭ᠎ᠠ ᠬᠡᠯᠪᠡᠷᠢ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠬᠤ ᠡᠲᠡᠭᠡᠳ ᠢ ᠪᠥᠬᠦ ᠲᠠᠯ᠎ᠠ ᠪᠠᠷ ᠬᠠᠮᠤᠷᠤᠭᠤᠯᠬᠤ ᠬᠡᠷᠡᠭᠲᠡᠶ᠃ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠥᠷᠨᠢᠬᠦ ᠶᠢ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠲᠠᠯ᠎ᠠ ᠪᠠᠷ ᠳᠠᠬᠢᠨ ᠬᠠᠷᠢᠭᠤᠴᠠᠯᠭ᠎ᠠ ᠡᠭᠦᠷᠭᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠴᠢᠩᠭ᠎ᠠ ᠪᠣᠳᠠᠲᠠᠶ ᠣᠨᠣᠪᠴᠢᠲᠠᠶ ᠵᠢᠯᠣᠭᠤᠳᠴᠤ᠂ ᠪᠦᠬᠦᠯᠢ ᠴᠣᠭᠴᠠ ᠶᠢᠨ ᠲᠥᠰᠦᠪᠯᠡᠯ ᠢᠶᠠᠨ ᠴᠢᠩᠭᠠᠳᠬᠠᠵᠤ᠂ ᠤᠬᠠᠭᠤᠯᠭ᠎ᠠ ᠶᠢᠨ ᠲᠥᠯᠥᠪᠯᠡᠭᠡ ᠪᠠᠨ ᠨᠠᠷᠢᠨ ᠨᠢᠮᠪᠠᠶ ᠲᠣᠭᠲᠠᠭᠠᠵᠤ᠂ ᠭᠤᠤᠯ ᠰᠡᠳᠦᠪᠲᠦ ᠬᠥᠮᠦᠵᠢᠯ ᠤᠨ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠬᠦ ᠶᠢ ᠠᠬᠢᠭᠤᠯᠵᠤ᠂ ᠮᠠᠨ ᠤ ᠬᠤᠰᠢᠭᠤᠨ ᠤ ᠭᠤᠤᠯ ᠰᠡᠳᠦᠪᠲᠦ ᠬᠥᠮᠦᠵᠢᠯ ᠤᠨ ᠪᠥᠬᠦ ᠬᠤᠲᠠ ᠳᠤ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠪᠠᠲᠤᠯᠠᠬᠤ ᠬᠡᠷᠡᠭᠲᠡᠶ᠃      ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠳᠡᠳ᠋ ᠡᠷᠬᠢᠯᠡᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠡᠰᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号