ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠠᠷᠠᠳ ᠣᠯᠠᠨ ᠳᠤ ︽ᠬᠤᠤᠰ ᠬᠤᠲᠠ︾ ᠶᠢᠨ ᠠᠮᠢᠳᠤᠷᠠᠯ ᠢ ᠡᠳ᠋ᠯᠡᠭᠦᠯᠪᠡ
ᠨᠡᠶᠢᠲᠡᠯᠡᠭᠰᠡᠨ ᠴᠠᠭ᠄
2023/10/19
      10 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠠᠴᠠ ᠪᠠᠲᠤᠬᠠᠭᠠᠯᠭ᠎ᠠ ᠶᠢᠨ ᠰᠦᠮ᠎ᠡ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠨᠡᠪᠲᠡᠷᠡᠭᠦᠯᠬᠦ ᠶᠣᠰᠣᠯᠠᠯ ᠰᠦᠵᠢ ᠶᠢᠨ ᠰᠦᠢᠳᠬᠡᠯ ᠬᠤᠷᠢᠶᠠᠬᠤ ᠥᠷᠲᠡᠭᠡ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠬᠥᠩ ᠬᠤᠸᠠ᠂ ᠮᠥᠩᠬᠡᠪᠠᠭᠠᠲᠤᠷ᠂ ᠰᠦᠨ ᠪᠢᠨ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠤᠳᠤᠷᠢᠳᠤᠯᠭ᠎ᠠ ᠵᠠᠩ ᠾᠧ ᠱᠧᠩ᠂ ᠯᠢᠦ ᠬᠠᠶ ᠶᠠᠨ᠂ ᠯᠦᠸᠧ ᠬᠤᠶ ᠸᠧᠨ᠂ ᠳ᠋ᠦ᠋ ᠳ᠋ᠦᠩ ᠶᠠᠨ ᠵᠢᠴᠢ ᠬᠠᠮᠢᠶ᠎ᠠ ᠪᠥᠬᠦᠶ ᠨᠢᠭᠡᠴᠡ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠭᠡᠭᠡᠬᠦ ᠶᠣᠰᠣᠯᠠᠯ ᠳᠤ ᠣᠷᠣᠯᠴᠠᠪᠠ᠃
191029518a07.jpg
      ᠲᠡᠷᠭᠡ ᠨᠡᠪᠲᠡᠷᠡᠬᠦ ᠶᠣᠰᠣᠯᠠᠯ ᠤᠨ ᠠᠬᠤᠶ ᠲᠠᠯᠠᠪᠠᠢ ᠳᠤ᠂ ᠭᠤᠷᠪᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠲᠡᠷᠢ ᠲᠡᠭᠰᠢ ᠵᠢᠭᠰᠠᠵᠤ᠂ ᠥᠩᠭᠡ ᠪᠤᠳᠤᠭ ᠨᠢ ᠭᠤᠶᠣ ᠰᠠᠶᠢᠬᠠᠨ ᠪᠠᠶᠢᠵᠤ᠂ ︽ᠰᠢᠯᠦᠭ ᠵᠢᠷᠤᠭ ᠤᠨ ᠲᠠᠯ᠎ᠠ ᠨᠤᠲᠤᠭ᠂ ᠪᠠᠭᠠᠲᠤᠷ ᠳᠠᠷᠬᠠᠨ ᠮᠤᠤᠮᠢᠩᠭᠠᠨ︾ ᠭᠡᠬᠦ ᠲᠣᠮᠣ ᠥᠰᠥᠭ ᠢᠶᠠᠷ ᠮᠠᠰᠢ ᠢᠯᠡ ᠲᠣᠳᠣ ᠬᠠᠷᠠᠭᠳᠠᠨ᠎ᠠ᠃ ᠶᠣᠰᠣᠯᠠᠯ ᠤᠨ ᠲᠤᠬᠠᠢ ᠶᠢᠨ ᠲᠠᠯᠠᠪᠠᠢ ᠳᠤ ᠪᠠᠰᠠ ᠬᠤᠳᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠲᠣᠷᠭ᠎ᠠ ᠨᠡᠭᠡᠭᠡᠬᠦ ᠶᠣᠰᠣᠯᠠᠯ ᠶᠠᠪᠤᠭᠤᠯᠵᠤ᠂ ᠬᠦᠩᠭᠢᠨᠡᠮ᠎ᠡ ᠶᠣᠰᠣᠯᠠᠯ ᠤᠨ ᠶᠡᠭᠡ ᠫᠤᠤ ᠶᠢᠨ ᠳᠠᠭᠤᠨ ᠪᠣᠯᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠠᠴᠠ ᠪᠠᠲᠤᠬᠠᠭᠠᠯᠭ᠎ᠠ ᠪᠠᠯᠭᠠᠰᠤ ᠬᠦᠷᠬᠦ ᠬᠤᠳᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠵᠢᠩᠬᠢᠨᠢ ᠪᠠᠷ ᠲᠡᠷᠭᠡ ᠨᠡᠪᠲᠡᠷᠡᠪᠡ᠃ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠶ᠋ᠳᠪᠦᠷᠢᠯᠡᠭᠰᠡᠨ ᠢᠶᠠᠷ ᠪᠠᠷᠠᠬᠤ ᠥᠬᠡᠶ᠂ ᠬᠤᠶᠠᠷ ᠭᠠᠵᠠᠷ ᠤᠨ ᠬᠤᠭᠤᠷᠣᠨᠳᠣᠬᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠨᠡᠶᠢᠲᠡ ᠶᠢᠨ ᠮᠠᠰᠢᠨ ᠲᠡᠷᠭᠡᠨ ᠤ ᠬᠤᠭᠤᠰᠣᠨ ᠢ ᠨᠥᠬᠦᠪᠦᠷᠢᠯᠡᠭᠰᠡᠨ ᠤ ᠬᠠᠮᠲᠤ ᠪᠤᠭᠤᠲᠤ ᠶᠢᠨ ᠪᠠᠶ᠋ᠬᠠᠣᠪᠤᠭ᠎ᠠ ᠶᠢᠨ ᠠᠭᠤᠷᠬᠠᠢ ᠶᠢᠨ ᠣᠷᠣᠨ ᠠᠴᠠ ᠳᠠᠷᠬᠠᠨ ᠮᠤᠤᠮᠢᠩᠭᠠᠨ ᠬᠦᠷᠲᠡᠯ᠎ᠡ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠨᠡᠶᠢᠲᠡ ᠶᠢᠨ ᠮᠠᠰᠢᠨ ᠲᠡᠷᠭᠡᠨ ᠤ ᠴᠤᠭᠯᠠᠷᠠᠯ ᠤᠨ ᠪᠦᠯᠬᠦᠮ ᠤᠨ ᠳᠠᠷᠤᠭ᠎ᠠ ᠺᠧ ᠶᠡᠷᠦᠩᠬᠡᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠸᠧᠨ ᠱᠧᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽10 ᠰᠠᠷ᠎ᠠ ᠶᠢᠨ 18 ᠤ ᠡᠳᠦᠷ᠂ ᠪᠢᠳᠡ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠠᠴᠠ ᠪᠠᠲᠤᠬᠠᠭᠠᠯᠭ᠎ᠠ ᠪᠠᠯᠭᠠᠰᠤ ᠬᠦᠷᠬᠦ ᠬᠤᠳᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠨᠡᠪᠲᠡᠷᠡᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠡᠮᠦᠨᠡᠬᠢ ᠬᠤᠭᠤᠴᠠᠭᠠᠨ ᠳᠤ ᠪᠤᠭᠤᠲᠤ ᠬᠤᠳᠠ ᠶᠢᠨ ᠨᠡᠶᠢᠲᠡ ᠶᠢᠨ ᠮᠠᠰᠢᠨ ᠲᠡᠷᠭᠡᠨ ᠤ ᠲᠡᠭᠡᠭᠡᠪᠦᠷᠢ ᠶᠢᠨ ᠪᠦᠯᠦᠭᠯᠡᠯ ᠠᠴᠠ ᠭᠤᠷᠪᠠᠨ ᠰᠢᠨ᠎ᠡ ᠡᠨᠧᠷᠭᠢ ᠶᠢᠨ ᠴᠡᠪᠡᠷ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ ᠣᠷᠣᠭᠤᠯᠤᠨ ᠠᠵᠢᠯᠯᠠᠭᠤᠯᠵᠤ᠂ ᠨᠡᠶᠢᠲᠡ ᠶᠢᠨ ᠮᠠᠰᠢᠨ ᠲᠡᠷᠭᠡ ᠡᠳᠦᠷ ᠪᠦᠷᠢ ᠶᠢᠨ ᠦᠳᠡ ᠶᠢᠨ ᠡᠮᠦᠨᠡᠬᠢ 7 ᠴᠠᠭ᠂ 9 ᠴᠠᠭ ᠬᠠᠭᠠᠰ᠂ ᠠᠷᠪᠠᠨ ᠨᠢᠭᠡᠨ ᠴᠠᠭ ᠬᠠᠭᠠᠰ᠂ ᠦᠳᠡ ᠶᠢᠨ ᠬᠤᠶᠢᠨᠠᠬᠢ ᠬᠤᠶᠠᠷ ᠴᠠᠭ᠂ ᠲᠦᠷᠪᠡᠨ ᠴᠡᠭ᠂ ᠲᠠᠪᠤᠨ ᠴᠠᠭ ᠳᠥᠴᠢᠨ ᠬᠤᠣᠰ ᠴᠢᠭᠯᠡᠯ ᠢᠶᠠᠷ ᠲᠡᠩᠴᠡᠨ᠎ᠡ᠃ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠲᠤᠬᠠᠭᠠᠯᠭ᠎ᠠ ᠪᠠᠯᠭᠠᠰᠤᠨ ᠳᠤ ᠬᠦᠷᠬᠦ ᠬᠤᠲᠠ ᠬᠥᠳᠡᠭᠡ ᠶᠢᠨ ᠰᠠᠭᠤᠭᠠᠯᠢ ᠠᠷᠠᠳ᠂ ᠠᠵᠢᠯᠲᠠᠨ ᠠᠵᠢᠯᠴᠢᠨ᠂ ᠰᠤᠷᠤᠭᠴᠢᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠵᠡᠢ︾ ᠭᠡᠵᠡᠢ᠃
19102943681y.jpg
      ᠦᠳᠡ ᠶᠢᠨ ᠬᠤᠶᠢᠨᠠᠬᠢ 2 ᠴᠠᠭ ᠲᠤ᠂ ᠰᠤᠷᠪᠤᠯᠵᠢᠯᠠᠭᠴᠢ ᠨᠡᠶᠢᠲᠡ ᠶᠢᠨ ᠮᠠᠰᠢᠨ ᠲᠡᠷᠭᠡᠨ ᠳᠤ ᠭᠠᠷᠴᠤ᠂ ᠥᠷᠭᠡᠨ ᠠᠭᠤᠳᠠᠮ ᠴᠣ ᠰᠢᠨ᠎ᠡ ᠸᠠᠭᠤᠨ ᠬᠠᠷᠠᠭᠳᠠᠨ᠎ᠠ᠃ ᠲᠡᠷᠭᠡᠨ ᠳᠡᠭᠡᠷ᠎ᠡ ᠪᠢᠯᠧᠲ ᠬᠤᠳᠠᠯᠳᠤᠬᠤ ᠬᠥᠮᠦᠨ ᠥᠬᠡᠶ ᠵᠣᠭᠤᠰᠣᠨ ᠬᠠᠶᠢᠷᠴᠠᠭ ᠪᠠᠶᠢᠪᠠᠯ᠂ ᠠᠶᠠᠨᠴᠢᠳ ᠪᠠᠰᠠ ᠲᠡᠷᠭᠡᠨ ᠳᠤ ᠰᠠᠭᠤᠬᠤ ᠺᠣᠳ᠋ ᠵᠡᠷᠭᠡ ᠪᠡᠯᠡᠨ ᠵᠣᠭᠤᠰ ᠢᠶᠠᠷ ᠥᠭᠬᠦ ᠪᠤᠰᠤ ᠬᠡᠯᠪᠡᠷᠢ ᠪᠠᠷ ᠲᠡᠷᠭᠡᠨ ᠳᠤ ᠰᠠᠭᠤᠵᠤ ᠪᠣᠯᠤᠨ᠎ᠠ᠃ ᠠᠶᠠᠨᠴᠢᠳ ᠴᠧᠨ ᠠᠪᠠᠭ᠋ᠠᠢ᠄ ︽ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠨᠡᠪᠲᠡᠷᠡᠭᠰᠡᠨ ᠨᠢ ᠪᠠᠶ᠋ᠬᠠᠣᠪᠤᠭ᠎ᠠ᠂ ᠳᠠᠷᠬᠠᠨ ᠮᠤᠤᠮᠢᠩᠭᠠᠨ ᠤ ᠠᠷᠠᠳ ᠢᠷᠭᠡᠳ ᠲᠤ ᠮᠠᠰᠢ ᠶᠡᠭᠡ ᠳᠥᠭᠦᠮ ᠦᠵᠡᠭᠦᠯᠵᠦ᠂ ᠢᠯᠠᠩᠭᠤᠶ᠎ᠠ ᠪᠠᠶ᠋ᠬᠠᠣᠪᠤᠭ᠎ᠠ ᠳᠤ ᠠᠵᠢᠯᠯᠠᠵᠤ ᠪᠠᠶᠢᠭ᠎ᠠ ᠬᠥᠮᠦᠰ ᠪᠠᠰᠠ ᠨᠢᠭᠡ ᠵᠦᠢᠯ ᠤᠨ ᠶᠠᠪᠤᠵᠤ ᠰᠠᠭᠤᠬᠤ ᠰᠣᠩᠭᠤᠯᠲᠠ ᠨᠡᠮᠡᠭᠳᠡᠵᠦ᠂ ᠲᠡᠷᠡᠴᠢᠯᠡᠨ ᠪᠢᠯᠧᠲ ᠤᠨ ᠦᠨ᠎ᠡ ᠴᠦ ᠦᠨᠡᠲᠡᠶ ᠪᠢᠰᠢ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠨᠡᠪᠲᠡᠷᠡᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠠᠮᠤᠷ ᠲᠦᠪᠰᠢᠨ᠂ ᠲᠠᠭᠠᠯᠠᠮᠵᠢᠲᠠᠶ᠂ ᠳᠥᠭᠦᠮ ᠳᠥᠲᠡ ᠲᠡᠷᠭᠡᠨ ᠳᠤ ᠰᠠᠭᠤᠬᠤ ᠣᠷᠴᠢᠨ ᠲᠣᠭᠤᠷᠢᠨ ᠨᠢ ᠵᠠᠮ ᠳᠠᠭᠠᠤ ᠶᠢᠨ ᠠᠶᠠᠨᠴᠢᠳ ᠤᠨ ᠰᠠᠶᠢᠨ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠨᠢ ᠬᠢᠮᠳᠠ ᠮᠥᠷᠲᠡᠭᠡᠨ ᠨᠠᠩ ᠴᠢᠬᠤᠯᠠ ᠨᠢ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠳᠠᠭ ᠭᠡᠵᠦ ᠦᠵᠡᠪᠡ᠃
      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠷᠢᠨ ᠨᠢᠮᠪᠠᠶ ᠪᠡᠯᠡᠳᠬᠡᠵᠦ᠂ ᠬᠤᠳᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠶᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠷᠠᠳ ᠤᠯᠠᠨ ᠤ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠤᠯᠠᠨ ᠲᠦᠮᠡᠨ ᠢ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠲᠠᠢ ᠪᠣᠯᠭᠠᠪᠠ᠃ ᠪᠠᠢ ᠶᠦᠨ ᠳ᠋ᠠ ᠮᠤᠤ ᠶᠢᠨ ᠬᠤᠳᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠦᠭᠰᠡᠨ ᠨᠢ ᠵᠠᠰᠠᠭ ᠤᠨ ᠣᠷᠳᠣᠨ ᠠᠷᠠᠳ ᠤᠨ ᠰᠡᠳᠬᠢᠯ ᠳᠤ ᠵᠣᠬᠢᠴᠠᠵᠤ᠂ ᠠᠷᠠᠳ ᠤᠨ ᠠᠮᠢᠳᠤᠷᠠᠯ ᠢ ᠠᠩᠬᠠᠷᠴᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠭᠰᠡᠨ ᠴᠢᠬᠤᠯᠠ ᠢᠯᠡᠷᠡᠯ ᠪᠣᠯᠬᠤ ᠪᠠᠷ ᠪᠠᠷᠠᠬᠤ ᠦᠭᠡᠢ᠂ ᠪᠠᠰᠠ ᠴᠤ ᠤᠯᠠᠨ ᠲᠦᠮᠡᠨ ᠤ ᠳᠡᠷᠭᠡᠳᠡᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠪᠠᠶᠢᠳᠠᠯ ᠢ ᠣᠶᠢᠯᠠᠭᠠᠵᠤ ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠳ᠋ᠷ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号