2023 ᠤᠨ ᠤ ᠲᠤᠮᠳᠠᠳᠦ ᠤᠯᠤᠰ ᠤᠨ ᠵᠠᠰᠠᠮᠠᠯ ᠵᠠᠮ ᠤᠨ ᠲᠤᠭᠤᠢ ᠲᠡᠷᠭᠡᠨ ᠤ ᠢᠯᠡ ᠤᠷᠤᠯᠳᠤᠭᠠᠨ ︵ᠪᠤᠭᠤᠳᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ) ᠵᠢᠴᠢ 2023 ᠤᠨ ᠤ ᠪᠦᠬᠦ ᠤᠯᠤᠰ ᠤᠨ ᠵᠠᠯᠠᠭᠤᠴᠣᠳ ᠪᠠᠭᠠᠴᠣᠳ ᠤᠨU ᠰᠢᠷᠢᠰ ᠵᠠᠰᠠᠮᠠᠯ ᠵᠠᠮ ᠤᠨ ᠲᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠯ᠎ᠡ
ᠨᠡᠶᠢᠲᠡᠯᠡᠭᠰᠡᠨ ᠴᠠᠭ᠄
2023/10/2
      2023 ᠣᠨ ᠤ ᠳᠤᠮᠳᠠᠳᠤ ᠤᠯᠤᠰ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠢᠯᠡ ᠤᠷᠤᠯᠳᠤᠭᠠᠨ ︵ᠪᠤᠭᠤᠲᠤ · ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ︶ ᠵᠢᠴᠢ 2023 ᠣᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠵᠠᠰᠠᠮᠠᠯ ᠵᠠᠮ ᠤᠨ ᠳᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠳᠤᠮᠳᠠᠳᠤ ᠤᠯᠤᠰ ᠤᠨ ᠳᠤᠭᠤᠢ ᠲᠡᠷᠭᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠤ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠪᠡᠭᠡᠵᠢᠩ ᠤᠨ ᠱᠢ ᡁᠢ ᠱᠠᠨ ᠱᠦᠢ ᠰᠣᠶᠣᠯ ᠵᠠᠭᠤᠴᠢ ᠶᠢᠨ ᠬᠢᠵᠠᠭᠠᠷᠲᠤ ᠺᠣᠮᠫᠠᠨᠢ ᠡᠵᠡᠩᠨᠡᠨ ᠶᠠᠪᠤᠭᠳᠠᠭᠤᠯᠵᠤ ᠪᠠᠶᠢᠭ᠎ᠠ ᠶᠤᠮ᠃      ᠤᠷᠤᠯᠳᠤᠭᠠᠨ ᠳᠤ᠂ ᠢᠯᠡ ᠤᠷᠤᠯᠳᠤᠭᠠᠨ ᠤ ᠵᠠᠰᠠᠮᠠᠯ ᠵᠠᠮ ᠤᠨ ᠳᠤᠭᠤᠶᠢᠯᠠᠩ ᠤᠨ ᠤᠷᠤᠯᠳᠤᠭᠠᠨ᠂ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠤᠪᠢ ᠬᠥᠮᠥᠨ ᠤ ᠤᠷᠤᠯᠳᠤᠭᠠᠨ᠂ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠳᠤᠭᠤᠶᠢᠯᠠᠩ ᠤᠨ ᠤᠷᠤᠯᠳᠤᠭᠠᠨ ᠵᠢᠴᠢ ᠪᠦᠬᠦ ᠠᠷᠠᠳ ᠤᠨ ᠵᠤᠭᠠᠴᠠᠬᠤ ᠤᠷᠤᠯᠳᠤᠭᠠᠨ ᠵᠡᠷᠭᠡ 4 ᠲᠦᠷᠤᠯ  ᠤᠨ ᠤᠷᠤᠯᠳᠤᠭᠠᠨ ᠢ ᠲᠤᠬᠢᠷᠠᠭᠤᠯᠵᠤ ᠪᠠᠰᠡ ᠵᠠᠯᠠᠭᠤᠴᠤᠳ ᠪᠠᠭᠠᠴᠤᠳ ᠤᠨ ᠰᠤᠨᠢᠷᠬᠠᠯᠳᠠᠢ ᠲᠤᠭᠤᠢ ᠲᠡᠷᠭᠡᠨ ᠤ ᠡᠯ᠎ᠡ ᠲᠦᠷᠤᠯ ᠤᠨ ᠬᠦᠳᠡᠯᠭᠡᠭᠡᠨ ᠢ ᠲᠤᠬᠢᠷᠠᠭᠤᠯᠤᠭᠰᠠᠨ ᠪᠠᠶᠢᠨ᠎ᠠ᠃      ᠲᠤᠰ ᠤᠷᠤᠯᠳᠤᠭᠠᠨ ᠳᠤ ᠪᠦᠬᠦ ᠤᠯᠤᠰ ᠤᠨ ᠡᠯ᠎ᠡ ᠭᠠᠵᠡᠷ ᠤᠷᠤᠨ ᠠᠴᠠ ᠦᠨᠳᠤᠷ ᠬᠢᠷᠢ ᠲᠦᠪᠰᠢᠨ ᠲᠠᠢ ᠲᠤᠭᠤᠢ ᠲᠡᠷᠭᠡᠨ ᠤ ᠲᠠᠮᠢᠷᠴᠢᠳ ᠪᠠ ᠡᠯ᠎ᠡ ᠮᠤᠵᠢ ᠬᠤᠳᠡ ᠶᠢᠨ ᠵᠠᠯᠠᠭᠤᠴᠤᠳ ᠤᠨ ᠲᠦᠯᠤᠭᠡᠯᠡᠭᠴᠢᠳ ᠤᠨ ᠠᠩᠭᠢ ᠵᠡᠷᠭᠡ 500 ᠭᠠᠷᠤᠢ ᠲᠠᠮᠢᠷᠴᠢᠳ ᠤᠷᠤᠯᠴᠠᠵᠠᠢ᠃
微信图片_20231007090659_1.jpg
      ᠲᠤᠰ ᠤᠷᠤᠯᠳᠤᠭᠠᠨ ᠨᠢ ᠮᠠᠨ ᠤ ᠬᠤᠰᠢᠭᠤᠨ ᠳᠤ ᠶᠠᠪᠤᠭᠳᠠᠭᠰᠠᠨ ᠨᠢ ᠲᠠᠷᠬᠠᠨ ᠮᠤᠤᠮᠢᠩᠭᠠᠨ ᠨᠤᠳᠤᠭ ᠤᠨ ᠦᠪᠡᠷᠮᠢᠴᠡ ᠪᠠᠶᠢᠭᠠᠯᠢ ᠶᠢᠨ ᠦᠵᠡᠮᠵᠢ ᠪᠠ‌‍ᠭᠦ᠋ᠨ ᠵᠤᠵᠠᠭᠠᠨ ᠰᠤᠶᠤᠯ ᠲᠡᠤᠬᠡ ᠶᠢᠨ ᠤᠯᠡ ᠮᠦᠷ ᠢ ᠦᠷᠭᠡᠨ ᠬᠡᠪᠴᠢᠶᠡᠨ  ᠳᠤ ᠲᠡᠯᠭᠡᠨ ᠦᠵᠡᠬᠦᠯᠬᠦ ᠮᠦᠷᠳᠡᠭᠡᠨ ᠮᠠᠨ ᠤ ᠬᠤᠰᠢᠭᠤᠨ ᠤ ᠪᠦᠬᠦ ᠠᠷᠡᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠲᠤᠭᠤᠢ ᠲᠡᠷᠭᠡᠨ ᠤ ᠰᠤᠶᠤᠯ ᠤᠨ ᠬᠦᠮᠤᠵᠢᠯ ᠪᠠ ᠲᠤᠭᠤᠢ ᠲᠡᠷᠭᠡᠨ ᠤ ᠬᠦᠳᠡᠯᠭᠡᠭᠡᠨ ᠤ ᠬᠦᠭᠵᠢᠯᠳᠡ ᠶᠢ ᠲᠡᠭᠡᠭᠰᠢᠯᠡᠬᠦᠯᠬᠦ ᠳᠤ ᠮᠠᠰᠢ ᠰᠠᠶᠢᠨ ᠠᠴᠢ ᠬᠤᠯᠪᠤᠭᠳᠡᠯ ᠲᠠᠢ ᠪᠢᠯᠡ᠃      ᠳᠤᠮᠳᠠᠳᠤ ᠤᠯᠤᠰ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠢᠯᠡ ᠤᠷᠤᠯᠳᠤᠭᠠᠨ ᠵᠢᠴᠢ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠵᠠᠰᠠᠮᠠᠯ ᠵᠠᠮ ᠤᠨ ᠳᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠨᠢ 10 ᠰᠠᠷ᠎ᠡ ᠶᠢᠨ 2 ᠤ ᠡᠳᠤᠷ ᠠᠴᠠ 4 ᠤ ᠡᠳᠤᠷ ᠪᠤᠯᠳᠡᠯ᠎ᠡ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠤ ᠤᠶᠢᠯᠡᠰ ᠤᠨ ᠲᠤᠭᠤᠷᠢᠭ ᠤᠨ ︽ᠨᠢᠭᠡᠳᠤᠭᠡᠷ ᠤᠷᠤᠯᠳᠤᠭᠠᠨ ᠤ ᠵᠠᠮ︾ ᠪᠠ ᠨᠠᠭᠠᠳᠤᠮ ᠤᠨ ᠬᠤᠷᠡᠯ ᠤᠨ ᠲᠠᠯᠠᠪᠠᠢ ᠳᠤ ᠬᠦᠭᠵᠢᠶᠡᠨᠳᠠᠢ ᠶᠠᠪᠤᠭᠳᠠᠬᠤ ᠪᠤᠯᠤᠨ᠎ᠡ᠃
微信图片_20231007090700_1.jpg
微信图片_20231007090707.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号