ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2023 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/20
      10 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠧ ᠵᠧᠨ ᠭᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ 2023 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠭᠡᠰᠢᠭᠦᠳ ᠤᠨ ᠭᠤᠤᠯ ᠰᠡᠳᠦᠪᠲᠦ ᠬᠥᠮᠦᠵᠢᠯ ᠢ ᠠᠬᠢᠭᠤᠯᠤᠭᠰᠠᠨ ᠪᠠ 2023 ᠣᠨ ᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠢ ᠤᠯᠠᠮ ᠴᠢᠨᠠᠭᠰᠢᠳᠠ ᠪᠠᠷᠢᠮᠵᠢᠶᠠᠯᠠᠨ ᠬᠠᠷᠭᠤᠭᠤᠯᠵᠤ᠂ ᠨᠢᠭᠡᠳ ᠨᠢᠭᠡ ᠪᠠᠷ ᠲᠣᠭᠠᠯᠠᠨ ᠪᠦᠷᠢᠳᠬᠡᠵᠦ᠂ ᠲᠠᠬᠢᠨ ᠬᠢᠯᠠᠰ ᠴᠡᠭ ᠨᠡᠮᠡᠵᠦ᠂ ᠲᠠᠬᠢᠨ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠦᠨᠡᠨ ᠬᠦ ᠰᠠᠶᠢᠲᠤᠷ ᠠᠳᠬᠤᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠰᠢᠨ᠎ᠡ ᠰᠤᠷᠲᠠᠯ ᠢ ᠪᠤᠢ ᠪᠣᠯᠭᠠᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠠᠴᠠ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠡᠭᠦᠷᠭᠡ ᠶᠢᠨ ᠨᠠᠷᠢᠨ ᠲᠠᠩᠰᠠ᠂ ᠬᠢᠨᠠᠨ ᠰᠢᠯᠭᠠᠬᠤ ᠨᠠᠷᠢᠨ ᠲᠦᠷᠢᠮ ᠲᠠᠢ ᠬᠠᠷᠢᠴᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠡᠷᠡᠭ ᠢ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠭᠤᠣᠯᠳᠠᠯᠭ᠎ᠠ ᠲᠠᠢ ᠬᠡᠷᠡᠭ ᠢ ᠲᠤᠬᠢᠷᠠᠭᠤᠯᠤᠨ ᠠᠬᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠩ ᠶᠡᠭᠡ ᠰᠢᠨ᠎ᠡ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷ ᠢ ᠪᠠᠨ ᠪᠠᠶᠢᠴᠠᠭᠠᠬᠤ᠂ ᠦᠨᠡᠯᠡᠨ ᠪᠠᠶᠢᠴᠠᠭᠠᠬᠤ ᠠᠵᠢᠯ ᠢ ᠴᠢᠩᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠨᠢ ᠴᠢᠩᠭ᠎ᠠ ᠪᠢᠰᠢ᠂ ᠵᠢᠷᠤᠮᠵᠢᠭᠤᠨ ᠪᠤᠰᠤ᠂ ᠲᠥᠪ ᠭᠤᠤᠯᠴᠢ ᠪᠤᠰᠤ᠂ ᠪᠣᠯᠪᠠᠰᠤᠨ ᠪᠤᠰᠤ ᠠᠰᠠᠭᠤᠳᠠᠯ ᠢ ᠰᠠᠶᠢᠲᠤᠷ ᠰᠢᠶ᠋ᠳᠪᠦᠷᠢᠯᠡᠬᠦ ᠬᠡᠷᠡᠭᠲᠡᠶ᠃ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠬᠤᠰᠢᠭᠤ᠂ ᠰᠤᠮᠤ ᠰᠢᠶᠠᠩ ᠪᠠᠯᠭᠠᠰᠤ ᠬᠤᠶᠠᠷ ᠱᠠᠲᠤᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠤᠶᠢᠯᠡᠳᠤᠯ ᠢᠶᠠᠨ ᠪᠠᠳᠠᠷᠠᠭᠤᠯᠬᠤ ᠶᠢ ᠠᠬᠢᠭᠤᠯᠵᠤ᠂ ᠵᠥᠷᠢᠴᠡᠯ ᠢ ᠦᠨᠳᠦᠰᠦᠨ ᠱᠠᠲᠤᠨ ᠳᠤ ᠡᠷᠡᠰ ᠠᠷᠢᠯᠭᠠᠵᠤ᠂ ᠠᠩᠬᠠᠨ ᠤ ᠱᠠᠲᠤᠨ ᠳᠤ ᠠᠷᠢᠯᠭᠠᠵᠤ᠂ ᠬᠠᠤᠯᠢᠵᠢᠯ ᠤᠨ ᠲᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠠᠷᠬᠠᠨ ᠮᠤᠤ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ᠃ ᠠᠮᠤᠷ ᠠᠮᠤᠭᠤᠯᠠᠩ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠭᠤᠷᠢ ᠶᠢ ᠪᠠᠲᠤᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠠᠮᠤᠷ ᠠᠮᠤᠭᠤᠯᠠᠩ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠨᠡᠩ ᠰᠠᠶᠢᠲᠤᠷ ᠦᠢᠯᠡᠴᠢᠯᠡᠵᠦ ᠪᠠᠲᠤᠯᠠᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号