ᠬᠤᠶᠠᠳᠤᠭᠠᠷ ᠤᠨ ᠤ ᠨᠢᠭᠡᠳᠦᠭᠡᠷ ᠠᠩᠭᠢ ᠶᠢᠨ ᠬᠢᠨ ᠤᠷᠠᠨ ᠤᠩᠰᠢᠯᠭ᠎ᠠ ᠪᠠᠷ ᠢᠶᠠᠨ ᠭᠠᠩᠭᠠᠷᠠᠯ᠎ᠠ
ᠨᠡᠶᠢᠲᠡᠯᠡᠭᠰᠡᠨ ᠴᠠᠭ᠄
2023/10/23
      ᠤᠶᠢᠷ᠎ᠠ ᠶᠢᠨ ᠡᠳᠦᠷ ᠳᠠᠷᠬᠠᠨ ᠮᠣᠣᠮᠢᠩᠭᠠᠨ ᠬᠤᠯᠪᠤᠭᠠᠳᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠨᠢᠭᠡᠳᠦᠭᠡᠷ ᠠᠩᠭᠢ ᠶᠢᠨ ᠬᠢᠨ ︽ᠤᠶᠠᠩᠭ᠎ᠠ ᠶᠢᠨ ᠴᠤᠤᠷᠢᠶ᠎ᠠ︾ ᠤᠷᠠᠨ ᠤᠩᠰᠢᠯᠭ᠎ᠠ ᠶᠢᠨ ᠤᠷᠤᠯᠳᠤᠭᠠᠨ ᠶᠠᠪᠤᠬᠳᠠᠭᠤᠯᠤᠯ᠎ᠠ᠃ ᠠᠩᠬᠠᠳᠤᠭᠠᠷ ᠤᠳᠠᠭ᠎ᠠ ᠪᠠᠨ ᠶᠠᠪᠤᠬᠳᠠᠵᠤ ᠪᠠᠶᠢᠭ᠎ᠠ ᠡᠨᠡᠬᠦ ᠤᠷᠤᠯᠳᠤᠭᠠᠨ ᠳᠤ ᠲᠤᠰ ᠠᠩᠭᠢ ᠶᠢᠨ ᠭᠤᠴᠢᠨ ᠭᠡᠤᠭᠡᠳ ᠴᠦᠮ ᠢᠳᠡᠪᠬᠢᠯᠡᠨ ᠤᠷᠤᠯᠴᠠᠵᠤ᠂ ︽ᠠᠪᠤ ᠠᠷᠭᠠᠯ ᠬᠤᠶᠠᠷ︾᠂ ︽ᠲᠡᠮᠡᠭᠡ︾᠂ ︽ᠮᠢᠨᠤ ᠬᠦᠰᠡᠯ︾᠂ ︽ᠲᠦᠷᠦᠯᠭᠢ ᠬᠡᠯᠡ︾ ᠵᠡᠷᠭᠡ ᠤᠯᠠᠨ ᠰᠠᠶᠢᠬᠠᠨ ᠢᠷᠠᠭᠤ ᠨᠠᠶᠢᠷᠠᠭ ᠢᠶᠠᠨ ᠤᠶᠠᠩᠭᠠᠯᠠᠬᠰᠠᠨ ᠪᠠᠶᠢᠨ᠎ᠠ᠃ ᠤᠷᠤᠯᠳᠤᠭᠠᠨ ᠤ ᠵᠠᠪᠰᠠᠷ ᠲᠤ ᠪᠠᠰᠠ ᠠᠩᠭᠢ ᠶᠢᠨ ᠨᠦᠬᠦᠳ ᠠᠴᠠ ᠨᠢ ᠮᠤᠷᠢᠨ ᠬᠤᠭᠤᠷ ᠬᠤᠭᠤᠷᠳᠠᠬᠤ᠂ ᠡᠯᠧᠺᠲᠷᠣᠨ ᠬᠦᠭᠵᠢᠮ ᠬᠦᠭᠵᠢᠮᠳᠡᠬᠦ᠂ ᠪᠦᠵᠢᠭ ᠪᠦᠵᠢᠭᠯᠡᠬᠦ ᠵᠡᠷᠭᠡ ᠤᠷ᠎ᠠ ᠠᠪᠢᠶᠠᠰ ᠢᠶᠠᠨ ᠬᠦᠷᠦᠯᠴᠡᠨ ᠢᠷᠡᠭᠰᠡᠨ ᠭᠡᠷ ᠤᠨ ᠠᠬᠠᠮᠠᠳ ᠪᠤᠯᠤᠨ ᠠᠩᠭᠢ ᠶᠢᠨ ᠨᠦᠬᠦᠳ ᠲᠤ ᠪᠠᠨ ᠰᠤᠨᠢᠷᠬᠠᠭᠤᠯᠵᠠᠢ᠃
微信图片_20231026155156.jpg     
      ᠲᠤᠰ ᠤᠳᠠᠭᠠᠨ ᠤ ᠤᠷᠠᠨ ᠤᠩᠰᠢᠯᠭ᠎ᠠ ᠶᠢᠨ ᠤᠷᠤᠯᠳᠤᠭᠠᠨ ᠨᠢ ᠰᠤᠷᠤᠬᠴᠢᠳ ᠤᠨ ᠰᠢᠯᠦᠭ ᠴᠡᠭᠡᠵᠢᠯᠡᠵᠦ᠂ ᠨᠤᠮ ᠣᠩᠰᠢᠬᠤ ᠤᠷᠮ᠎ᠠ ᠪᠠᠬ᠎ᠠ ᠶᠢ ᠨᠢ ᠨᠡᠮᠡᠭᠳᠡᠭᠦᠯᠵᠦ᠂ ᠲᠠᠶᠢᠰᠠᠨ ᠳᠤ ᠭᠠᠷᠴᠦ ᠦᠪᠡᠷ ᠢ ᠪᠠᠨ ᠢᠯᠡᠷᠭᠡᠶᠢᠯᠡᠬᠦ᠂ ᠦᠪᠡᠷ ᠲᠤ ᠪᠠᠨ ᠢᠲᠡᠭᠡᠯ ᠲᠠᠢ ᠪᠤᠯᠬᠤ ᠤᠷᠮ᠎ᠠ ᠵᠤᠷᠢᠭ ᠢ ᠨᠢ ᠬᠦᠪᠴᠢᠯᠡᠭᠰᠡᠨ ᠮᠠᠰᠢ ᠤᠳᠬ᠎ᠠ ᠠᠭᠤᠯᠭ᠎ᠠ ᠲᠠᠢ ᠬᠦᠳᠡᠯᠭᠡᠭᠡᠨ ᠪᠤᠯᠤᠬᠰᠠᠨ ᠪᠠᠶᠢᠨ᠎ᠠ᠃
                             
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号