10 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠲᠠᠷᠤᠭ᠎ᠠ ᠱᠢ ᠵᠥᠩ ᠴᠢᠨ ᠮᠣᠩᠭᠤᠯ ᠠᠳᠤᠭᠤᠨ ᠤ ᠠᠮᠢᠳᠤ ᠪᠣᠳᠠᠰ ᠤᠨ ᠲᠦᠭᠦᠬᠡᠶ | ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ | ᠱᠢ ᠵᠥᠩ ᠴᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠡᠷᠡ᠂ ᠣᠲᠣ ᠦᠶ᠎ᠡ ᠶᠢᠨ ᠠᠳᠤᠭᠤᠨ ᠤ ᠠᠵᠤ | ᠦᠢᠯᠡᠰ ᠢ ᠬᠥᠭᠵᠢᠭᠦᠯᠬᠦ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠂ ᠬᠤᠰᠢᠭᠤᠨ ᠤ ᠨᠠᠮ ᠤᠨ ᠬᠤᠷᠢᠶᠠᠨ ᠤ ︽ᠳᠥᠷᠪᠡᠨ ᠰᠠᠭᠤᠷᠢᠨ | ᠪᠠᠶᠢᠭᠤᠯᠬᠤ᠂ ᠭᠤᠷᠪᠠᠨ ᠲᠥᠪ ᠢ ᠪᠥᠲᠥᠭᠡᠨ ᠪᠠᠶᠢᠭᠤᠯᠬᠤ︾ ᠪᠠᠶᠢᠷᠢᠯᠠᠭᠤᠯᠤᠯᠲᠠ ᠶᠣᠰᠣᠭᠠᠷ᠂ ᠳᠠᠪᠠᠭᠤᠯᠢᠭ ᠢᠶᠠᠨ | ᠪᠠᠳᠠᠷᠠᠭᠤᠯᠵᠤ᠂ ᠨᠠᠷᠢᠨ ᠨᠢᠮᠪᠠᠶ ᠲᠥᠯᠥᠪᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ︽ᠳᠤᠮᠳᠠᠳᠤ ᠤᠯᠤᠰ ᠤᠨ ᠠᠳᠤᠭᠤᠨ ᠬᠤᠳᠠ︾ | ᠶᠢᠨ ᠨᠠᠷᠠᠲᠤ ᠲᠥᠷᠥᠯ ᠲᠡᠮᠳᠡᠭᠲᠦ ᠶᠢ ᠭᠡᠷᠡᠯᠳᠦᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠶ︔ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠣᠷᠣᠨ ᠪᠠᠶᠢᠷᠢ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ | ᠡᠷᠡᠰ ᠪᠠᠲᠤ ᠰᠠᠬᠢᠬᠤ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠳ᠋ᠦᠩ ᠺᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |