ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠮᠦᠷᠦᠶᠢᠴᠡᠭᠡᠨ ᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/10/24
      10 ᠰᠠᠷ᠎ᠠ ᠶᠢᠨ24 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠮᠦᠷᠦᠶᠢᠴᠡᠭᠡᠨ ᠤ ᠠᠵᠢᠯᠯᠠᠭ᠎ᠠ ᠦᠷᠨᠢᠭᠦᠯᠵᠡᠢ ᠃ ᠡᠯ᠎ᠡ ᠬᠤᠯᠪᠤᠭᠠᠯᠠᠨ ᠲᠠᠭᠠᠭᠠᠴᠢᠯᠠᠵᠦ ᠪᠠᠶᠢᠭ᠎ᠠ ᠨᠡᠶᠢᠭᠡᠮ ᠲᠤᠭᠤᠷᠢᠭ ᠤᠨ ᠬᠤᠰᠢᠭᠤᠨ ᠰᠢᠭᠤᠳ ᠬᠠᠷᠢᠶ᠎ᠠ ᠪᠠᠶᠢᠭᠤᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠬᠡᠰᠡᠭ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ ᠵᠡᠷᠭᠡ150 ᠭᠠᠷᠤᠢ ᠨᠠᠮ ᠤᠨ ᠬᠡᠰᠢᠭᠦᠨ ᠺᠠᠳᠠᠷ ᠠᠵᠢᠯᠯᠠᠭ᠎ᠠ ᠳᠤ ᠤᠷᠤᠯᠴᠠᠵᠠᠢ᠃      ᠲᠤᠰ ᠤᠳᠠᠭᠠᠨ ᠤ ᠤᠷᠤᠯᠳᠤᠭᠠᠨ ᠳᠤ᠂ ᠮᠡᠳᠡᠯᠭᠡ ᠶᠢᠨ ᠰᠢᠯᠭᠠᠯᠳᠠ ᠶᠢᠨ ᠠᠰᠠᠭᠤᠯᠳᠠ ᠬᠠᠷᠢᠭᠤᠯᠳᠠ᠂ ᠮᠠᠲ᠋ᠧᠷᠢᠶᠡᠯ ᠪᠠᠶᠢᠴᠠᠭᠠᠨ ᠦᠵᠡᠬᠦ᠂ ︽ᠪᠢ ᠪᠤᠯᠤᠨ ᠮᠢᠨᠤ ᠨᠡᠶᠢᠭᠡᠮ ᠲᠤᠭᠤᠷᠢᠭ︾ ᠤᠨ ᠸᠢᠳᠢᠤ᠋ ᠶᠢᠨ ᠦᠵᠡᠭᠦᠯᠦᠯᠭᠡ᠂ ᠤᠯᠠᠨ ᠨᠡᠶᠢᠳᠡ ᠶᠢᠨ ᠲᠠᠪᠴᠠᠩ ᠤᠨ ᠸᠢᠳᠢᠤ᠋ ᠶᠢᠨ ᠪᠢᠯᠧᠲ ᠦᠭᠭᠦᠯᠳᠡ᠂ ᠰᠦᠯᠵᠢᠶᠡᠨ ᠠᠴᠠ ᠭᠠᠳᠠᠨ᠎ᠠ ᠲᠤᠬᠠᠢ ᠶᠢᠨ ᠭᠠᠵᠠᠷ ᠲᠤᠨᠢ ᠲᠤᠭᠤᠷᠢᠨ ᠦᠵᠡᠬᠦ᠂ ᠲᠠᠶᠢᠰᠠᠨ ᠳᠠᠬᠢ ᠮᠦᠷᠦᠶᠢᠴᠡᠭᠡᠨ ᠤ ᠰᠢᠢᠳᠪᠦᠷᠢᠳᠦ ᠤᠷᠤᠯᠳᠤᠭᠠᠨ ᠵᠡᠷᠭᠡ ᠵᠢᠷᠭᠤᠭᠠᠨ ᠠᠭᠤᠯᠭ᠎ᠠ ᠶᠢ ᠲᠤᠬᠢᠷᠠᠭᠤᠯᠵᠦ᠂ ᠡᠯ᠎ᠡ ᠬᠡᠰᠡᠭ ᠤᠨ ᠰᠢᠯᠭᠠᠷᠠᠭᠤᠯᠤᠯᠳᠠ ᠶᠢᠨ ᠬᠤᠪᠢ ᠶᠢ ᠬᠠᠷᠢᠴᠠᠯ ᠢᠶᠠᠷ ᠪᠤᠳᠤᠵᠦ᠂ ᠡᠯ᠎ᠡ ᠤᠷᠤᠯᠳᠤᠭᠠᠨ ᠤ ᠠᠭᠤᠯᠭ᠎ᠠ ᠪᠠᠶᠢᠷᠢᠯᠠᠭᠤᠯᠤᠯᠳᠠ ᠪᠠᠷ ᠲᠠᠮᠵᠢᠭᠤᠯᠤᠨ ᠨᠡᠶᠢᠭᠡᠮ ᠲᠤᠭᠤᠷᠢᠭ ᠤᠨ ᠠᠵᠢᠯ ᠳᠤ ᠪᠦᠬᠦ ᠲᠠᠯ᠎ᠠ ᠶᠢᠨ᠂ ᠤᠯᠠᠨ ᠬᠡᠯᠪᠡᠷᠢ ᠶᠢᠨ ᠪᠠᠶᠢᠴᠠᠭᠠᠨ ᠠᠶᠢᠯᠭᠠᠯᠳᠠ ᠬᠢᠵᠦ᠂ ᠨᠡᠶᠢᠭᠡᠮ ᠲᠤᠭᠤᠷᠢᠭ ᠤᠨ ᠠᠵᠢᠯ ᠤᠨ ᠲᠡᠭᠡᠭᠰᠢᠯᠡᠯᠳᠡ ᠳᠤ ᠬᠦᠴᠦᠨ ᠴᠢᠳᠠᠯ ᠤᠯᠭᠤᠭᠰᠠᠨ ᠪᠠᠶᠢᠨ᠎ᠠ᠃
微信图片_20231030112221.jpg
      ᠰᠢᠢᠳᠪᠦᠷᠢᠳᠦ ᠤᠷᠤᠯᠳᠤᠭᠠᠨ ᠤ ᠠᠬᠤᠢ ᠲᠠᠯᠠᠪᠠᠢ ᠳᠤ᠂7 ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠪᠠᠳᠤ ᠴᠢᠩᠭ᠎ᠠ ᠪᠠᠬᠢᠯᠡᠯᠳᠡ ᠶᠢᠨ ︽ᠵᠢᠱᠢᠶᠡᠴᠢ︾ ᠨᠠᠮ ᠤᠨ ᠡᠭᠦᠷ ᠤᠨ ᠪᠠᠶᠢᠭᠤᠯᠤᠯᠳᠠ ᠂ ᠠᠷᠠᠳ ᠲᠤ ᠲᠦᠭᠦᠮ ᠦᠵᠡᠭᠦᠯᠬᠦ ᠦᠢᠯᠴᠢᠯᠡᠭᠡᠨ ᠤ ᠵᠦᠢᠯᠡᠰ᠂ ᠡᠷᠦᠬᠡ ᠳᠤ ᠬᠦᠷᠴᠦ ᠰᠤᠷᠪᠤᠯᠵᠢᠯᠠᠨ ᠣᠶᠢᠯᠠᠭᠠᠬᠤ ᠂ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠬᠤᠪᠢᠰᠬᠠᠯᠳᠦ ᠠᠳᠠᠯ ᠠᠬᠤᠢ ᠶᠢᠨ ᠨᠠᠮ ᠤᠨ ᠪᠠᠶᠢᠭᠤᠯᠤᠯᠳᠠ ᠶᠢ ᠬᠠᠮᠳᠤᠷᠠᠨ ᠪᠠᠶᠢᠭᠤᠯᠬᠤ ᠵᠡᠷᠭᠡ ᠦᠨᠳᠦᠰᠦᠨ ᠱᠠᠳᠤᠨ ᠤ ᠵᠠᠰᠠᠯᠳᠠ ᠶᠢᠨ ᠭᠤᠤᠯᠳᠠᠯᠭ᠎ᠠ᠂ ᠬᠠᠯᠠᠮᠰᠢᠯ ᠠᠰᠠᠭᠤᠳᠠᠯ᠂ ᠠᠬᠤᠢ ᠲᠠᠯᠠᠪᠠᠢ ᠶᠢᠨ ︽ᠶᠠᠷᠢᠶ᠎ᠠ ᠢᠯᠡᠳᠬᠡᠯ᠂PPT︾ ᠶᠢᠨ ᠬᠡᠯᠪᠡᠷᠢ ᠪᠠᠷ ᠠᠮᠵᠢᠯᠳᠠ ᠪᠠᠨ ᠲᠡᠯᠭᠡᠵᠦ᠂ ᠲᠤᠷᠰᠢᠯᠭ᠎ᠠ ᠪᠠᠨ ᠶᠠᠷᠢᠵᠦ᠂ ᠠᠷᠭ᠎ᠠ ᠪᠤᠳᠤᠯᠭ᠎ᠠ ᠲᠤᠷᠠᠳᠴᠣ᠂ ᠬᠦᠭᠵᠢᠯᠳᠡ ᠶᠢ ᠪᠤᠳᠤᠯᠬᠢᠯᠡᠨ᠂ ᠤᠶᠤᠨ ᠰᠠᠨᠠᠭᠠᠨ ᠤ ᠬᠠᠮᠤᠭ ᠤᠨ ᠰᠠᠶᠢᠨ ᠰᠠᠶᠢᠬᠠᠨ ᠲᠦᠷᠰᠦ ᠪᠠᠶᠢᠳᠠᠯ ᠢᠶᠠᠨ ᠲᠡᠯᠭᠡᠨ ᠦᠵᠡᠭᠦᠯᠦᠭᠰᠡᠨ ᠪᠠᠶᠢᠨ᠎ᠠ᠃
微信图片_20231030112228.jpg
      ᠰᠢᠢᠳᠪᠦᠷᠢᠳᠦ ᠤᠷᠤᠯᠳᠤᠭᠠᠨ ᠳᠤ ᠪᠠᠰᠠ ᠨᠡᠶᠢᠭᠡᠮ ᠲᠤᠭᠤᠷᠢᠭ ᠤᠨ ᠦᠨᠳᠦᠰᠦᠨ ᠱᠠᠳᠤᠨ ᠤ ᠵᠠᠰᠠᠯᠳᠠ ᠶᠢᠨ ᠬᠦᠴᠢᠷ ᠠᠰᠠᠭᠤᠳᠠᠯ ᠳᠤ ᠴᠢᠭᠯᠡᠭᠦᠯᠦᠨ ᠪᠤᠳᠠᠳᠠᠢ ᠵᠢᠱᠢᠶ᠎ᠡ ᠶᠢᠨ ᠵᠠᠳᠠᠯᠤᠯᠳᠠ ᠬᠢᠵᠦ᠂ ᠨᠡᠶᠢᠭᠡᠮ ᠲᠤᠭᠤᠷᠢᠭ ᠤᠨ7 ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠠᠪᠢᠶᠠᠰ ᠴᠢᠳᠠᠪᠤᠷᠢ ᠪᠠᠨ ᠢᠯᠡᠷᠡᠭᠦᠯᠵᠦ᠂ ᠰᠢᠨ᠎ᠡ ᠶᠢ ᠡᠭᠦᠳᠬᠦ ᠰᠡᠳᠬᠢᠴᠡ᠂ ᠪᠠᠶᠠᠯᠢᠭ ᠲᠤᠷᠰᠢᠯᠭ᠎ᠠ ᠪᠠᠷ ᠢᠶᠠᠨ ᠪᠤᠳᠠᠳᠠᠢ ᠵᠢᠱᠢᠶ᠎ᠡ ᠶᠢᠨ ᠵᠠᠳᠠᠯᠤᠯᠳᠠ ᠶᠢᠨ ᠰᠡᠳᠦᠪ ᠲᠠᠬᠢ ᠪᠤᠳᠠᠳᠠᠢ ᠬᠦᠴᠢᠷ ᠠᠰᠠᠭᠤᠳᠠᠯ ᠢ ᠪᠦᠷᠢᠨ ᠭᠦᠢᠴᠡᠳ᠂ ᠲᠤᠳᠤᠷᠬᠠᠢ ᠪᠦᠭᠡᠳ ᠨᠡᠪᠳᠡᠷᠭᠡᠢ ᠲᠠᠶᠢᠯᠪᠤᠷᠯᠠᠵᠠᠢ᠃ ᠬᠤᠷᠴᠠ ᠰᠢᠷᠦᠬᠦᠨ ᠮᠦᠷᠦᠶᠢᠴᠡᠭᠡᠨ ᠢᠶᠠᠷ ᠲᠠᠮᠵᠢᠨ᠂ ᠡᠯ᠎ᠡ ᠰᠠᠯᠠᠭ᠎ᠠ ᠮᠦᠴᠢᠷ ᠤᠨ ᠰᠢᠯᠭᠠᠷᠠᠭᠤᠯᠤᠬᠤ ᠵᠦᠪᠯᠡᠯ ᠤᠨ ᠶᠡᠷᠦᠩᠭᠡᠢ ᠰᠢᠯᠭᠠᠷᠠᠭᠤᠯᠤᠯᠳᠠ ᠪᠠᠷ ᠰᠢᠢᠳᠪᠦᠷᠢᠳᠦ ᠤᠷᠤᠯᠳᠤᠭᠠᠨ ᠳᠤ ᠨᠢᠭᠡᠳᠦᠭᠡᠷ ᠲᠡᠰ ᠤᠨ ᠱᠠᠩᠨᠠᠯ᠂ ᠬᠤᠶᠠᠳᠤᠭᠠᠷ ᠲᠡᠰ ᠤᠨ ᠱᠠᠩᠨᠠᠯ᠂ ᠭᠤᠷᠪᠠᠳᠤᠭᠠᠷ ᠲᠡᠰ ᠤᠨ ᠱᠠᠩᠨᠠᠯ ᠲᠤᠰ ᠪᠦᠷᠢ1 ᠨᠡᠷᠡᠰ᠂ ᠰᠢᠯᠢᠳᠡᠭ ᠱᠠᠩᠨᠠᠯ4 ᠨᠡᠷᠡᠰ ᠢ ᠰᠢᠯᠭᠠᠷᠠᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号