ᠲᠤᠭᠤᠷᠢᠨ ᠪᠠᠶᠢᠴᠠᠭᠠᠬᠤ ᠠᠯᠪᠠᠨ ᠵᠠᠷ ︵3︶
ᠨᠡᠶᠢᠲᠡᠯᠡᠭᠰᠡᠨ ᠴᠠᠭ᠄
2023/10/25
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 10 ᠰᠠᠷ᠎ᠠ ᠶᠢᠨ 8 ᠤ ᠡᠳᠦᠷ ᠠᠴᠠ 12 ᠰᠠᠷ᠎ᠠ ᠶᠢᠨ 8 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠮᠢᠩᠭᠠᠨ ᠪᠠᠯᠭᠠᠰᠤᠨ ᠤ ᠬᠥᠭᠵᠢᠯᠲᠦ᠂ ᠪᠠᠶᠠᠨᠬᠠᠩᠭᠠᠢ᠂ ᠰᠠᠷᠠᠭᠤᠯᠲᠠᠯ᠎ᠠ᠂ ᠰᠢᠷᠠᠴᠢᠯᠠᠭᠤ᠂ ᠨᠠᠷᠠᠨᠪᠤᠯᠠᠭ᠂ ᠪᠠᠶᠠᠨᠲᠠᠯ᠎ᠠ᠂ ᠪᠠᠶᠠᠨᠮᠠᠨᠳᠤᠯ᠎ᠠ ᠵᠡᠷᠭᠡ 7 ᠭᠠᠴᠠᠭ᠎ᠠ ᠳᠤ ︽ᠡᠷᠬᠡ ᠣᠯᠭᠤᠭᠰᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠦᠴᠦᠨ ᠤ ᠲᠤᠭᠤᠷᠢᠨ ᠪᠠᠶᠢᠴᠠᠭᠠᠯᠲᠠ︾ ᠦᠷᠨᠢᠭᠦᠯᠦᠨ᠎ᠡ᠃      ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠠᠴᠠᠭ᠎ᠠ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠬᠠᠷᠢᠭᠤᠴᠠᠯᠭ᠎ᠠ ᠡᠭᠦᠷᠭᠡᠯᠡᠨ ᠠᠵᠢᠯᠯᠠᠭᠰᠠᠨ ᠪᠠ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠵᠢᠴᠢ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠬᠤ ᠪᠣᠯᠣᠨ᠎ᠠ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠮᠢᠩᠭᠠᠨ ᠪᠠᠯᠭᠠᠰᠤᠨ ᠤ ᠬᠥᠭᠵᠢᠯᠲᠦ᠂ ᠪᠠᠶᠠᠨᠬᠠᠩᠭᠠᠢ᠂ ᠰᠠᠷᠠᠭᠤᠯᠲᠠᠯ᠎ᠠ᠂ ᠰᠢᠷᠠᠴᠢᠯᠠᠭᠤ᠂ ᠨᠠᠷᠠᠨᠪᠤᠯᠠᠭ᠂ ᠪᠠᠶᠠᠨᠲᠠᠯ᠎ᠠ᠂ ᠪᠠᠶᠠᠨᠮᠠᠨᠳᠤᠯ᠎ᠠ ᠵᠡᠷᠭᠡ 7 ᠭᠠᠴᠠᠭᠠᠨ ᠤ ︽ᠬᠤᠶᠠᠷ ᠵᠥᠪᠯᠡᠯ︾ ᠤᠨ ᠪᠠᠭ ᠵᠢᠴᠢ ᠲᠡᠭᠦᠨ ᠤ ᠭᠡᠰᠢᠭᠦᠳ ᠤᠨ ᠠᠰᠠᠭᠤᠳᠠᠯ ᠢ ᠲᠤᠰᠬᠠᠭᠰᠠᠨ ᠴᠠᠬᠢᠯᠭᠠᠨ ᠮᠡᠳᠡᠭᠡ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠡᠭᠦᠨ ᠤ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠤᠭᠤᠷᠢᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠤᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ᠄ 15547311653 ︵ᠭᠥᠯᠢᠶᠡᠨ ᠠᠪᠴᠤ ᠰᠢᠢᠳᠪᠦᠷᠢᠯᠡᠬᠦ ᠴᠠᠭ᠄ 10 ᠰᠠᠷ᠎ᠠ ᠶᠢᠨ 8 ᠤ ᠡᠳᠦᠷ ︱ 12 ᠰᠠᠷ᠎ᠠ ᠶᠢᠨ 3 ᠤ ᠡᠳᠦᠷ᠂ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30︶᠃ ᠢᠮᠧᠯ᠄ dmqwdsxcz@163.com᠃ ᠬᠠᠷᠢᠯᠴᠠᠬᠤ ᠵᠠᠬᠢᠳᠠᠯ ᠤᠨ ᠬᠠᠶᠢᠷᠴᠠᠭ᠄ 1 ᠮᠢᠩᠭᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠭᠦᠳᠡᠨ ᠳᠤ︔ 2. ᠬᠥᠭᠵᠢᠯᠲᠦ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠡᠮᠦᠨ᠎ᠡ︔ 3. ᠪᠠᠶᠠᠨᠬᠠᠩᠭᠠᠢ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ︔4. ᠰᠠᠷᠠᠭᠤᠯᠲᠠᠯ᠎ᠠ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ︔ 5. ᠰᠢᠷᠠᠴᠢᠯᠠᠭᠤ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ︔ 6. ᠨᠠᠷᠠᠨᠪᠤᠯᠠᠭ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ︔ 7. ᠪᠠᠶᠠᠨᠲᠠᠯ᠎ᠠ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ︔ 8. ᠪᠠᠶᠠᠨᠮᠠᠨᠳᠤᠯ᠎ᠠ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ᠃ ᠰᠣᠷᠪᠤᠯᠵᠢᠯᠠᠭ᠎ᠠ ᠬᠦᠯᠢᠶᠡᠬᠦ ᠭᠠᠵᠠᠷ᠄ ᠮᠢᠩᠭᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠭᠡᠷ᠃      ᠥᠷᠭᠡᠨ ᠤᠯᠠᠨ ᠺᠠᠳ᠋ᠷ ᠤᠯᠠᠨ ᠲᠦᠮᠡᠨ ᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠂ ᠲᠣᠭᠤᠷᠢᠨ ᠪᠠᠶᠢᠴᠠᠭᠠᠵᠤ ᠢᠯᠡᠴᠢᠯᠡᠨ ᠮᠡᠳᠡᠭᠦᠯᠬᠦ ᠲᠠᠪᠴᠠᠩ ᠤᠨ ᠮᠡᠷᠭᠡᠨ ᠴᠤᠬᠤᠷ ᠢ ᠰᠢᠷᠪᠢᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 12 ᠰᠠᠷ᠎ᠠ ᠶᠢᠨ 3  ᠤ ᠡᠳᠦᠷ ᠢᠶᠠᠷ ᠬᠢᠵᠠᠭᠠᠷᠯᠠᠨ᠎ᠠ᠃           ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ      ᠨᠠᠮ ᠤᠨ ᠬᠤᠷᠢᠶᠠᠨ ᠤ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ                         2023 ᠣᠨ ᠤ 10 ᠰᠠᠷ᠎ᠠ ᠶᠢᠨ 8 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号