ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠬᠤ ︽ᠠᠰᠠᠭᠤᠳᠠᠯ ᠤᠨ ᠨᠠᠷᠢᠨ ᠲᠠᠩᠰᠠ︾ ᠵᠢᠴᠢ ᠲᠤᠰᠬᠠᠶ ᠴᠡᠭᠴᠡᠯᠡᠨ ᠵᠠᠰᠠᠬᠤ ᠲᠥᠰᠦᠯ ᠢ ᠰᠤᠳᠤᠯᠤᠨ ᠬᠢᠨᠠᠨ ᠵᠥᠪᠯᠡᠵᠦ᠂ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠮᠥᠨ᠃ ᠪᠦᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ᠂ ᠦᠨᠳᠦᠰᠦᠨ ᠡᠭᠦᠷᠭᠡ ᠪᠣᠯᠤᠨ ᠪᠣᠳᠠᠲᠠᠶ ᠬᠠᠷᠠᠯᠲᠠ ᠶᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠡᠵᠡᠮᠳᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠶ᠃      ᠬᠤᠷᠠᠯ ᠠᠴᠠ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠲᠦᠷᠢᠮ ᠲᠣᠭᠲᠠᠭᠠᠯ ᠲᠣᠭᠲᠠᠭᠠᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠥᠷᠥᠯ ᠬᠤᠪᠢᠶᠠᠨ ᠠᠬᠢᠭᠤᠯᠬᠤ ᠶᠢ ᠴᠢᠬᠤᠯᠠᠴᠢᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠳᠣᠪᠤᠶᠢᠯᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠣᠳᠠᠲᠠᠶ ᠠᠳᠬᠤᠵᠤ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠡᠲᠡᠭᠡᠳ ᠲᠤ ᠴᠢᠭᠯᠡᠭᠦᠯᠦᠨ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ᠂ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ᠬᠠᠨᠳᠤᠯᠭᠠᠲᠤ ᠴᠢᠨᠠᠷ ᠢ ᠴᠢᠩᠭᠠᠳᠬᠠᠬᠤ ᠬᠡᠷᠡᠭᠲᠡᠶ᠃ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ︽ᠴᠢᠩᠭ᠎ᠠ᠂ ᠪᠣᠳᠠᠲᠠᠢ᠂ ᠨᠠᠷᠢᠯᠢᠭ︾ ᠪᠠᠶᠢᠬᠤ ᠡᠨᠡᠬᠦ ᠬᠥᠪᠴᠢ ᠶᠢ ᠴᠢᠩᠭᠠᠯᠠᠵᠤ᠂ ᠴᠢᠬᠤᠯᠠ ᠪᠤᠰᠤ ᠬᠡᠯᠪᠡᠷᠢ ᠶᠢᠨ ᠰᠢᠨ᠎ᠡ ᠶᠢ ᠡᠭᠦᠳᠬᠦ ᠦᠭᠡᠢ ᠪᠠᠶᠢᠵᠤ᠂ ᠬᠡᠯᠪᠡᠷᠢᠵᠢᠭᠦᠯᠬᠦ᠂ ᠢᠵᠢ ᠪᠦᠷᠢᠳᠦᠭᠦᠯᠬᠦ᠂ ᠦᠩᠭᠡᠨ ᠲᠠᠯ᠎ᠠ ‍ᠵᠢᠬᠤ ᠶᠢ ᠡᠷᠡᠰ ᠰᠡᠷᠭᠡᠶᠢᠯᠡᠬᠦ ᠬᠡᠷᠡᠭᠲᠡᠢ᠃       ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠲᠥᠯᠥᠪᠵᠢᠭᠦᠯᠵᠦ ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠢ᠃ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠭᠤᠤᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号