ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠄ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷ ᠢ ᠨᠢᠠᠠᠳᠠ ᠰᠦᠯᠵᠢᠵᠦ᠂ ᠨᠠᠰᠣᠳᠠᠶᠢᠴᠣᠳ ᠲᠤ ᠦᠳᠡᠯᠦᠭᠡ ᠨᠠᠰᠤᠨ ᠤ ᠵᠢᠷᠭᠠᠯ ᠢ ᠡᠳ᠋ᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/10/27
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠶᠤᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠲᠤ ᠬᠦᠷᠬᠦ ᠳᠤ᠂ ᠤᠳᠠᠰᠦ ᠵᠠᠯᠭᠠᠭᠴᠢ ᠤᠳᠠᠰᠦ ᠪᠠᠷ ᠲᠠᠮᠵᠢᠨ ᠬᠡᠷᠡᠭᠴᠡᠭᠡ ᠱᠠᠭᠠᠷᠳᠠᠯᠭ᠎ᠠ  ᠲᠠᠢ ᠨᠠᠰᠤᠳᠠᠶᠢᠴᠣᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠵᠦ ᠪᠠᠶᠢᠯ᠎ᠠ᠃      ᠡᠨᠡᠬᠦ ᠬᠠᠯᠠᠮᠰᠢᠯ ᠤᠳᠠᠰᠦ ᠪᠤᠯ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠨᠡ ᠵᠢᠯ ᠤᠨ6 ᠰᠠᠷ᠎ᠠ  ᠳᠤ ᠨᠡᠪᠳᠡᠷᠡᠭᠦᠯᠦᠭᠰᠡᠨ96111 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠳᠠᠰᠦ ᠪᠤᠯᠤᠨ᠎ᠠ᠃ ᠲᠤᠰ ᠬᠠᠯᠠᠮᠰᠢᠯ ᠣᠳᠠᠰᠦ12345 ᠤᠶᠤᠨᠳᠦ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠨᠠᠰᠤᠳᠠᠶᠢᠴᠣᠳ ᠲᠤ ᠲᠦᠷᠦ ᠶᠢᠨ ᠪᠤᠳᠤᠯᠭ᠎ᠠ ᠶᠢᠨ ᠵᠦᠪᠯᠡᠯᠭᠡ ᠦᠭᠬᠦ᠂ ᠤᠷᠢᠳᠴᠢᠯᠠᠨ ᠪᠤᠯᠵᠤᠬᠤ ᠦᠢᠯᠡᠴᠢᠯᠡᠭᠡ ᠬᠠᠩᠭᠠᠬᠤ᠂ ᠲᠤᠬᠠᠶᠢᠯᠠᠭᠰᠠᠨ ᠠᠵᠢᠯ ᠤᠨ ᠭᠦᠢᠴᠡᠳᠭᠡᠯ ᠬᠢᠬᠦ ᠵᠡᠷᠭᠡ ᠨᠢᠭᠡ ᠯᠡ ᠦᠷᠳᠡᠭᠡᠨ  ᠤ ᠮᠠᠶ᠋ᠢᠭ ᠤᠨ ᠨᠠᠰᠤᠵᠢᠯ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠤᠯᠤᠨ᠎ᠠ᠃
微信图片_20231031150742.jpg
      96111 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠯᠠᠮᠰᠢᠯ ᠤᠳᠠᠰᠤᠨ ᠳᠤ ︽7 ᠡᠳᠦᠷ +24 ᠴᠠᠭ︾ ᠤᠨ ᠠᠵᠢᠯ ᠤᠨ ᠲᠦᠷᠢᠮ ᠢ ᠬᠡᠷᠡᠭᠵᠢᠭᠦᠯᠵᠦ᠂ ᠪᠦᠬᠦ ᠬᠤᠰᠢᠭᠤᠨ ᠤ ᠨᠠᠰᠣᠳᠠᠶᠢᠴᠣᠳ ᠲᠤ ᠪᠦᠬᠦ ᠡᠳᠦᠷ  ᠤᠨ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ ᠲᠤᠰᠬᠠᠶᠢᠵᠢᠠᠠᠰᠠᠨ ᠴᠢᠨᠠᠷ ᠰᠠᠶᠢᠳᠠᠢ ᠦᠢᠯᠡᠴᠢᠯᠡᠭᠡ ᠬᠠᠩᠭᠠᠵᠦ᠂ ᠨᠠᠰᠣᠳᠠᠶᠢᠴᠣᠳ ᠭᠡᠷ ᠲᠡᠭᠡᠨ ︽96111︾ ᠶᠢ ᠤᠳᠠᠰᠤᠳᠠᠪᠠᠯ ᠲᠠᠷᠤᠢ ᠴᠡᠪᠡᠷᠯᠡᠭᠡ᠂ ᠬᠤᠭᠤᠯᠠ ᠤᠮᠳᠠ᠂ ᠤᠬᠢᠶᠠᠯᠭ᠎ᠠ᠂ ᠠᠶᠠᠯᠠᠯ ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠪᠠᠴᠢᠮ ᠦᠢᠯᠡᠴᠢᠯᠡᠭᠡ ᠳᠤ ᠲᠤᠰᠠᠯᠠᠬᠤ ᠵᠡᠷᠭᠡ ᠭᠡᠷ ᠲᠤᠨᠢ ᠬᠦᠷᠴᠦ ᠦᠢᠯᠡᠴᠢᠯᠡᠬᠦ ᠦᠢᠯᠡᠴᠢᠯᠡᠭᠡᠨ ᠬᠠᠩᠭᠠᠨ᠎ᠠ᠃      ᠡᠭᠦᠨ ᠠᠴᠠ ᠭᠠᠳᠠᠨ᠎ᠠ᠂12345 ᠤᠶᠤᠨᠳᠦ ᠨᠠᠰᠤᠵᠢᠯ ᠤᠨ ᠠᠰᠠᠷᠠᠮᠵᠢ ᠶᠢᠨ ᠮᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠵᠢᠴᠢ ᠨᠡᠶᠢᠭᠡᠮ ᠲᠤᠭᠤᠷᠢᠭ ᠤᠨ ᠠᠵᠢᠯᠳᠠᠨᠳ ᠪᠠᠰᠠ ᠡᠯ᠎ᠡ ᠰᠤᠮᠤ ᠰᠢᠶᠠᠩ ᠪᠠᠯᠭᠠᠰᠤᠨ  ᠳᠤ ᠲᠤᠭᠳᠠᠮᠠᠯ ᠬᠤᠭᠤᠴᠠᠭ᠎ᠠ ᠲᠠᠢ ᠪᠠᠷ ᠬᠦᠷᠴᠦ᠂ ᠨᠠᠰᠤᠳᠠᠶᠢᠴᠤᠳ ᠤᠨ ᠴᠢᠰᠤᠨ ᠰᠢᠬᠢᠷ ᠢ ᠬᠡᠮᠵᠢᠬᠦ᠂ ᠴᠢᠰᠤᠨ ᠲᠠᠷᠤᠯᠳᠠ ᠶᠢ ᠬᠡᠮᠵᠢᠬᠦ᠂ ᠦᠰᠦ ᠵᠠᠰᠠᠬᠤ ᠪᠦᠬᠡᠳ ᠶᠠᠪᠤᠵᠦ ᠰᠠᠭᠤᠬᠤ ᠳᠤ ᠲᠦᠭᠦᠮ ᠦᠬᠡᠢ ᠨᠠᠰᠤᠳᠠᠶᠢᠴᠣᠳ ᠤᠨ ᠭᠡᠷ ᠲᠤ ᠭᠦᠨᠵᠡᠭᠡᠶᠢᠷᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠢ ᠬᠠᠯᠠᠮᠵᠢᠯᠠᠨ᠂ ᠨᠠᠰᠣᠳᠠᠶᠢᠴᠣᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠬᠠᠯᠠᠮᠵᠢᠯᠠᠵᠦ᠂ ᠰᠤᠮᠤ ᠰᠢᠶᠠᠩ ᠪᠠᠯᠭᠠᠰᠤᠨ ᠤ ᠨᠠᠰᠤᠳᠠᠶᠢᠴᠣᠳ ᠲᠤ ᠴᠢᠨᠠᠷ ᠴᠢᠨᠰᠠᠭ᠎ᠠ ᠲᠠᠢ᠂ ᠬᠠᠯᠠᠭᠤᠨ ᠲᠤᠯᠠᠭᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠤᠯᠤᠨ᠎ᠠ᠃
微信图片_20231031150747.jpg
      12345 ᠤᠶᠤᠨᠳᠦ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠭᠰᠠᠨ ᠪᠠ96111 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠯᠠᠮᠰᠢᠯ ᠣᠳᠠᠰᠦ ᠶᠢ ᠨᠡᠪᠳᠡᠷᠡᠭᠦᠯᠦᠭᠰᠡᠨ ᠨᠢ ︽ᠭᠡᠷ ᠲᠡᠭᠡᠨ ᠰᠠᠭᠤᠵᠦ ᠪᠠᠶᠢᠭ᠎ᠠ ᠨᠠᠰᠤᠳᠠᠶᠢᠴᠤᠳ ᠢ ᠠᠰᠠᠷᠠᠬᠤ ᠦᠢᠯᠡᠴᠢᠯᠡᠭᠡᠨ ᠤ ᠬᠠᠯᠠᠭᠤᠨ ᠣᠳᠠᠰᠦ ᠶᠢ ᠬᠦᠬᠦᠷᠭᠡ ᠬᠤᠯᠪᠤᠭᠠᠰᠦ ᠪᠤᠯᠭᠠᠵᠦ᠂ ᠨᠠᠰᠤᠳᠠᠶᠢᠴᠣᠳ ᠤᠨ ᠦᠢᠯᠡᠴᠢᠯᠡᠭᠡᠨ ᠤ ᠬᠡᠷᠡᠭᠴᠡᠭᠡ ᠪᠠ ᠨᠡᠶᠢᠭᠡᠮ ᠤᠨ ᠦᠢᠯᠡᠴᠢᠯᠡᠭᠡᠨ ᠤ ᠬᠠᠩᠭᠠᠯᠭ᠎ᠠ ᠶᠢ ᠬᠤᠯᠪᠤᠵᠦ᠂ ᠨᠠᠰᠤᠳᠠᠶᠢᠴᠣᠳ ᠲᠤ ᠨᠢᠭᠡ ᠯᠡ ᠦᠷᠳᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠦ᠂ ᠪᠢᠳᠡ ᠨᠠᠰᠤᠳᠠᠶᠢᠴᠤᠳ ᠤᠨ ᠠᠮᠢᠳᠤᠷᠠᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠦ᠂ ᠲᠡᠳᠡᠨ ᠳᠤ ᠬᠠᠯᠠᠭᠤᠨ ᠲᠤᠯᠠᠭᠠᠨ᠂ ᠡᠶ᠎ᠡ ᠵᠤᠬᠢᠴᠠᠯ ᠲᠠᠢ ᠨᠠᠰᠣᠵᠢᠯ ᠤᠨ ᠭᠡᠷ ᠤᠷᠤᠨ ᠢ ᠴᠤᠭᠴᠠᠯᠠᠨ ᠪᠠᠶᠢᠭᠤᠯᠵᠦ ᠦᠭᠭᠦᠨ᠎ᠡ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠶᠤᠨᠳᠦ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠬᠠᠷᠢᠭᠤᠴᠠᠯᠭᠠᠳᠠᠨ ᠵᠢᠩ ᠿᠢ ᠴᠣᠣ ᠬᠡᠯᠡᠪᠡ       ︽ᠠᠳᠡᠬᠢ ᠬᠤᠭᠤᠯᠠ ᠶᠢ ᠮᠠᠰᠢ ᠰᠠᠶᠢᠨ ᠬᠢᠵᠦ᠂ ᠦᠢᠯᠡᠴᠢᠯᠡᠬᠦ ᠤᠪᠤᠷ ᠨᠢ ᠴᠤ ᠮᠠᠰᠢ ᠰᠠᠶᠢᠨ᠂ ᠬᠦᠮᠦᠨ ᠨᠢ ᠴᠤ ᠬᠠᠯᠠᠭᠤᠮᠰᠤᠭ ᠪᠤᠯᠬᠤᠷ ᠪᠢᠳᠡ ᠪᠦᠷ ᠠᠳᠡ ᠢᠷᠡᠵᠦ ᠬᠤᠭᠤᠯᠠ ᠢᠳᠡᠬᠦ ᠲᠤᠷᠠᠰᠠᠢ ᠶᠤᠮ᠃ ᠬᠡᠥᠬᠡᠨ᠋ᠠᠭᠤᠯᠠ ᠵᠡᠭᠡᠯᠢ ᠶᠢᠨ ᠨᠡᠶᠢᠭᠡᠮ ᠲᠤᠭᠤᠷᠢᠭ ᠤᠨ ᠬᠤᠭᠤᠯᠠ ᠪᠤᠳᠠᠭ᠎ᠠ ᠨᠢ ᠠᠮᠳᠠᠳᠠᠢ ᠪᠤᠯᠬᠤᠷ ᠪᠢᠳᠠ ᠲᠤᠶᠢᠯ ᠢᠶᠠᠷ ᠪᠠᠶᠠᠷᠯᠠᠵᠦ ᠪᠠᠶᠢᠨ᠎ᠠ︾ ᠭᠡᠵᠦ ᠬᠤᠭᠤᠯᠠ ᠢᠳᠡᠬᠦ ᠪᠠᠷ ᠢᠷᠡᠭᠰᠡᠨ ᠨᠠᠰᠤᠳᠠᠨ ᠸᠠᠩ ᠰᠢᠦ ᠴᠢᠩ ᠪᠤᠯᠤᠨ ᠯᠢ ᠯᠢᠨ ᠭᠦᠸᠧ ᠰᠤᠷᠪᠤᠯᠵᠢᠯᠠᠭᠴᠢ ᠳᠤ ᠬᠡᠯᠡᠭᠰᠡᠨ ᠪᠠᠶᠢᠨ᠎ᠠ᠃ ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ᠱᠦᠵᠢ ᠰᠢᠦ ᠱᠤ᠋ ᠢᠩ ᠲᠠᠨᠢᠯᠴᠠᠭᠤᠯᠬᠤ ᠳᠠᠭᠠᠨ᠄ ︽ᠬᠡᠥᠬᠡᠨ᠋ᠠᠭᠤᠯᠠ ᠵᠡᠭᠡᠯᠢ ᠶᠢᠨ ᠨᠠᠰᠤᠳᠠᠶᠢᠴᠣᠳ ᠤᠨ ᠬᠤᠭᠤᠯᠠᠨ ᠭᠡᠷ ᠣᠳᠣᠬᠠᠨ ᠳᠤ36 ᠬᠦᠮᠦᠨ ᠤ ᠪᠠᠭᠳᠠᠭᠠᠮᠵᠢ ᠲᠠᠢ ᠪᠠᠶᠢᠵᠦ᠂ ᠨᠠᠰᠤᠳᠠᠶᠢᠴᠣᠳ  ᠲᠤ ᠡᠯ᠎ᠡ ᠵᠦᠢᠯ ᠤᠨ ᠰᠡᠳᠬᠢᠯ ᠢ ᠲᠤᠯᠠᠭᠠᠴᠠᠭᠤᠯᠬᠤ ᠬᠤᠭᠤᠯᠠ ᠵᠠᠭᠤᠰᠢ ᠬᠠᠩᠭᠠᠵᠦ᠂ ᠨᠠᠮ ᠪᠠ ᠵᠠᠰᠠᠭ ᠤᠨ ᠤᠷᠳᠤᠨ ᠤ ᠨᠠᠰᠤᠳᠠᠶᠢᠴᠣᠳ ᠢ ᠬᠠᠯᠠᠮᠵᠢᠯᠠᠨ ᠬᠠᠶᠢᠷᠠᠯᠠᠬᠤ ᠰᠡᠳᠬᠢᠯ ᠢ ᠲᠤᠯᠠᠭᠠᠴᠠᠭᠤᠯᠬᠤ  ᠦᠷᠳᠡᠭᠡ ᠪᠤᠯᠤᠭᠰᠠᠨ ᠪᠠᠶᠢᠨ᠎ᠠ᠃ ᠬᠡᠥᠬᠡᠨ᠋ᠠᠭᠤᠯᠠ ᠵᠡᠭᠡᠯᠢ ᠶᠢᠨ ᠨᠡᠶᠢᠭᠡᠮ ᠲᠤᠭᠤᠷᠢᠭ ᠤᠨ ᠬᠢᠨ ᠠᠷᠠᠳ ᠤᠨ ᠰᠡᠳᠬᠢᠯ ᠢ ᠲᠤᠯᠠᠭᠠᠴᠠᠭᠤᠯᠬᠤ᠂ ᠠᠷᠠᠳ ᠤᠨ ᠰᠡᠳᠬᠢᠯ ᠢ ᠬᠠᠷᠠᠭᠠᠯᠵᠠᠬᠤ ᠠᠷᠭ᠎ᠠ ᠬᠡᠮᠵᠢᠶ᠎ᠡ ᠪᠠᠨ ᠢᠮᠠᠭᠳᠠ ᠪᠠᠷᠢᠮᠳᠠᠯᠠᠵᠦ᠂ ᠦᠳᠡᠯᠪᠡᠯ ᠠᠰᠠᠷᠠᠮᠵᠢ ᠲᠠᠢ ᠂ ᠦᠳᠡᠯᠪᠡᠯ ᠲᠦᠰᠢᠭ ᠲᠠᠢ᠂ ᠦᠳᠡᠯᠪᠡᠯ ᠪᠠᠶᠠᠷ ᠴᠡᠩᠭᠡᠯ ᠲᠠᠢ᠂ ᠦᠳᠡᠯᠪᠡᠯ ᠠᠮᠤᠷ ᠵᠢᠷᠭᠠᠯ ᠲᠠᠢ ᠪᠠᠶᠢᠬᠤ ᠶᠢ ᠪᠡᠶᠡᠯᠡᠭᠦᠯᠵᠦ᠂ ᠨᠠᠰᠣᠳᠠᠶᠢᠴᠣᠳ ᠲᠤ ᠦᠨᠡᠨᠬᠦ ᠨᠢᠭᠡᠨ ᠶᠡᠭᠡ ᠰᠠᠶᠢᠨ ᠶᠠᠪᠤᠳᠠᠯ᠂ ᠶᠡᠭᠡ ᠪᠤᠳᠠᠳᠦ ᠶᠠᠪᠤᠳᠠᠯ ᠬᠢᠵᠦ ᠦᠭᠴᠠᠢ︾ ᠭᠡᠵᠦ ᠬᠡᠯᠡᠪᠡ᠃
微信图片_20231031150753.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠢᠮᠠᠭᠳᠠ ᠪᠤᠳᠠᠳᠠᠢ ᠳᠤ ᠰᠠᠭᠤᠷᠢᠯᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠷᠠᠯᠳᠠ ᠪᠠᠨ ᠲᠤᠳᠤᠷᠬᠠᠶᠢᠯᠠᠵᠦ᠂ ᠭᠡᠷ ᠪᠦᠯᠢ᠂ ᠨᠡᠶᠢᠭᠡᠮ ᠲᠤᠭᠤᠷᠢᠭ ᠪᠠ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠠᠭᠤᠰᠣᠯᠴᠠᠨ ᠬᠦᠭᠵᠢᠬᠦ ᠶᠢ ᠠᠬᠢᠭᠤᠯᠵᠦ᠂ ᠨᠠᠰᠤᠳᠠᠶᠢᠴᠣᠳ  ᠲᠤ ᠨᠡᠩ ᠤᠯᠠᠨ ᠰᠡᠳᠬᠢᠯ ᠢ ᠲᠤᠯᠠᠭᠠᠴᠠᠭᠤᠯᠬᠤ ᠦᠢᠯᠡᠴᠢᠯᠡᠭᠡ ᠬᠠᠩᠭᠠᠵᠦ᠂ ᠲᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠨᠡᠩ ᠨᠢᠠᠠᠳᠠ ᠰᠦᠯᠵᠢᠵᠦ᠂ ᠨᠠᠰᠤᠳᠠᠶᠢᠴᠤᠳ ᠲᠤ ᠦᠳᠡᠯᠦᠭᠡ ᠨᠠᠰᠤᠨ ᠤ ᠵᠢᠷᠭᠠᠯ ᠢ ᠡᠳ᠋ᠯᠡᠭᠦᠯᠵᠦ ᠪᠠᠶᠢᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠢᠯᠠᠯᠳᠠ ︽ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠬᠦᠴᠦ ᠪᠠᠨ ᠲᠦᠪᠯᠡᠷᠡᠭᠦᠯᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠴᠢᠨᠠᠷ ᠴᠢᠨᠰᠠᠭ᠎ᠠ ᠶᠢ ᠲᠡᠭᠡᠭᠰᠢᠭᠦᠯᠵᠦ᠂ ᠲᠤᠯᠠᠭᠠᠭᠤᠷᠢᠯᠠᠯ ᠢᠶᠠᠨ ᠴᠢᠩᠭᠠᠳᠬᠠᠨ᠂ ᠪᠤᠳᠠᠳᠦ ᠶᠠᠪᠤᠳᠠᠯ ᠪᠦᠳᠦᠭᠡᠵᠦ᠂ ᠵᠢᠱᠢᠶ᠎ᠡ ᠦᠵᠡᠭᠦᠯᠬᠦ ᠪᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠦ ᠶᠢ ᠪᠠᠶᠢᠭᠤᠯᠬᠤ ᠶᠢ ᠠᠬᠢᠭᠤᠯᠵᠦ᠂ ᠬᠤᠯᠪᠤᠭᠠᠯᠠᠨ ᠬᠦᠳᠡᠯᠦᠯᠴᠡᠬᠦ ᠲᠤᠭᠳᠠᠴᠠ ᠶᠢ ᠰᠠᠭᠠᠳ ᠦᠭᠡᠢ ᠨᠡᠪᠳᠡᠷᠡᠭᠦᠯᠵᠦ᠂ ᠠᠳᠠᠯᠢ ᠪᠤᠰᠤ ᠪᠠᠶᠢᠳᠠᠯ ᠲᠠᠢ ᠨᠠᠰᠤᠳᠠᠶᠢᠴᠣᠳ ᠲᠤ ᠴᠢᠭᠯᠡᠭᠦᠯᠦᠨ᠂ ᠭᠡᠷ ᠲᠡᠭᠡᠨ ᠰᠠᠭᠤᠵᠦ ᠪᠠᠶᠢᠭ᠎ᠠ ᠨᠠᠰᠤᠳᠠᠶᠢᠴᠣᠳ ᠢ ᠭᠡᠷ ᠲᠤᠨᠢ ᠤᠴᠢᠵᠦ ᠠᠰᠠᠷᠠᠬᠤ ᠴᠢᠭᠯᠡᠬᠦᠯᠬᠦ ᠴᠢᠨᠠᠷᠳᠠᠢ ᠦᠢᠯᠡᠴᠢᠯᠡᠭᠡ ᠶᠢ ᠬᠠᠩᠭᠠᠨ᠎ᠠ᠃ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠶᠢ ᠲᠠᠰᠤᠷᠠᠯᠳᠠ ᠦᠭᠡᠢ ᠨᠢᠭᠡᠳᠦᠯᠳᠡᠢ ᠲᠦᠯᠦᠪᠯᠡᠨ ᠠᠬᠢᠭᠤᠯᠵᠦ᠂ ᠨᠦᠬᠦᠴᠡᠯ  ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠲᠡᠭᠡᠨ ᠰᠠᠭᠤᠵᠦ ᠪᠠᠶᠢᠭ᠎ᠠ ᠨᠠᠰᠤᠳᠠᠶᠢᠴᠣᠳ ᠲᠤ ᠠᠮᠢᠳᠤᠷᠠᠯ ᠤᠨ ᠰᠤᠪᠢᠯᠠᠯᠳᠠ᠂ ᠡᠷᠡᠭᠦᠯᠵᠢᠯ ᠤᠨ ᠰᠤᠪᠢᠯᠠᠯᠳᠠ᠂ ᠤᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠬᠤ ᠬᠡᠷᠡᠭᠳᠡᠢ︾ ᠭᠡᠵᠦ ᠬᠡᠯᠡᠵᠡᠢ᠃
微信图片_20231031150759.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号